ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠣᠯᠭᠤᠯᠲᠠ ᠶᠢ ᠥᠷᠭᠡᠳᠬᠡᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠠᠩ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠪᠠ᠃ ᠪᠥᠬᠦ | ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ ᠦᠵᠡᠪᠡᠯ᠂ 2019 - 2023 ᠣᠨ ᠳᠤ ᠪᠥᠬᠦ | ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠠᠵᠢᠯ ᠣᠯᠭᠤᠯᠲᠠ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ ᠠᠵᠢᠯ | ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠳᠤ ᠰᠠᠶᠢᠨ ᠰᠠᠭᠤᠷᠢ | ᠲᠠᠯᠪᠢᠵᠠᠢ᠃ | ᠨᠢᠭᠡ᠂ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠵᠢᠪᠡ | ᠠᠵᠤ ᠠᠬᠤᠶ ᠶᠢᠨ ᠲᠦᠷᠭᠡᠨ ᠬᠥᠭᠵᠢᠬᠦ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠭᠠᠯᠳᠤᠨ᠂ ᠠᠵᠤ ᠠᠬᠤᠶᠢᠯᠠᠯ ᠤᠨ | ᠲᠤᠭ᠎ᠠ ᠬᠡᠮᠵᠢᠶ᠎ᠡ ᠲᠠᠰᠤᠷᠠᠯᠲᠠ ᠤᠢᠭᠡᠢ ᠨᠡᠮᠡᠭᠳᠡᠵᠦ᠂ ᠪᠦᠬᠦ ᠣᠷᠣᠨ ᠤ ᠠᠵᠢᠯ ᠣᠯᠭᠤᠬᠤ ᠬᠡᠪᠴᠢᠶ᠎ᠡ ᠦᠷᠭᠦᠯᠵᠢᠯᠡᠨ ᠥᠷᠭᠡᠳᠪᠡ᠃ 2023 ᠣᠨ ᠤ ᠰᠡᠭᠦᠯᠴᠢ | ᠪᠣᠯᠬᠤ ᠳᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 549. | 0 ᠲᠦᠮᠡᠨ ᠬᠥᠮᠦᠨ ᠪᠣᠯᠵᠣ᠂ 2018 ᠣᠨ ᠤ ᠰᠡᠭᠦᠯᠴᠢ ︵2018 ᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠣᠨ︶ ᠠᠴᠠ 71.5 ᠲᠦᠮᠡᠨ ᠬᠥᠮᠦᠨ ᠨᠡᠮᠡᠭᠳᠡᠵᠦ᠂ 15.0% ᠢᠶᠠᠷ ᠨᠡᠮᠡᠭᠳᠡᠪᠡ᠃ ᠡᠭᠦᠨ ᠳᠤ ᠬᠤᠶᠠᠳᠤᠭᠠᠷ ᠠᠵᠤ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 168.4 ᠲᠦᠮᠡᠨ ᠬᠥᠮᠦᠨ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ | ᠨᠢᠭᠡᠴᠡ ᠶᠢᠨ ᠠᠵᠢᠯ ᠡᠷᠭᠢᠯᠡᠭᠰᠡᠳ 380.6 ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ ᠲᠣᠰ ᠲᠣᠰ 22.8 ᠲᠦᠮᠡᠨ ᠬᠥᠮᠦᠨ ᠪᠠ | 48.7 ᠲᠦᠮᠡᠨ ᠬᠥᠮᠦᠨ ᠨᠡᠮᠡᠭᠳᠡᠵᠦ᠂ ᠲᠣᠰ ᠲᠣᠰ 15.6% ᠪᠠ 14.7% ᠪᠠᠷ ᠨᠡᠮᠡᠭᠳᠡᠪᠡ᠃ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠵᠢᠯ | ᠣᠯᠭᠤᠯᠲᠠ ᠶᠢᠨ ᠬᠠᠷᠢᠴᠠᠯ 30.67᠄ 69.33 ᠪᠣᠯᠵᠣ᠂ 2018 ᠣᠨ ᠤ ᠡᠴᠦᠰ ᠲᠠᠢ ᠦᠨᠳᠦᠰᠦᠨ ᠳᠡᠭᠡᠨ ᠲᠡᠩᠴᠡᠪᠡ᠃ | ᠬᠤᠶᠠᠷ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠤᠯᠠᠮ ᠨᠢᠭᠡ ᠠᠯᠬᠤᠮ ᠪᠠᠬᠢᠵᠢᠭᠦᠯᠪᠡ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ | ᠦᠢᠯᠡᠰ ᠤᠨ ᠲᠠᠰ ᠳᠡᠪᠰᠢᠵᠦ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠤᠨ | ᠬᠥᠭᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠠᠵᠢᠯ ᠲᠥᠷᠥᠯ ᠤᠨ ᠠᠵᠢᠯ ᠣᠯᠭᠤᠯᠲᠠ ᠶᠢᠨ ᠬᠡᠪᠴᠢᠶ᠎ᠡ ᠶᠢ | ᠲᠠᠰᠤᠷᠠᠯᠲᠠ ᠥᠬᠡᠶ ᠥᠷᠭᠡᠳᠬᠡᠪᠡ᠃ 2023 ᠣᠨ ᠤ ᠡᠴᠦᠰ ᠲᠤ᠂ ᠪᠥᠬᠦ ᠣᠷᠣᠨ ᠤ ᠦᠢᠯᠡᠳᠬᠦ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠤ | ᠠᠵᠢᠯᠯᠠᠵᠤ ᠪᠠᠶᠢᠭ᠎ᠠ ᠬᠥᠮᠦᠨ 83.1 ᠲᠦᠮᠡ ᠪᠠᠶᠢᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠤ ᠠᠵᠢᠯᠯᠠᠵᠤ | ᠪᠠᠶᠢᠭ᠎ᠠ ᠬᠥᠮᠦᠨ ᠤ 15.1% ᠶᠢ ᠡᠵᠡᠯᠡᠵᠦ᠂ ᠡᠯ᠎ᠡ ᠠᠵᠢᠯ ᠲᠥᠷᠥᠯ ᠤᠨ ᠲᠡᠷᠢᠭᠦᠨ ᠳᠤ ᠣᠷᠣᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠴᠢᠬᠤᠯᠠ | ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ ᠪᠠᠷᠢᠯᠭ᠎ᠠ ᠶᠢᠨ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 42.6 ᠲᠦᠮᠡᠨ ᠬᠥᠮᠦᠨ | ᠪᠠᠶᠢᠵᠤ᠂ 2018 ᠣᠨ ᠤ ᠡᠴᠦᠰ ᠤᠨ ᠬᠢ ᠠᠴᠠ 7.9 ᠲᠦᠮᠡᠨ ᠬᠥᠮᠦᠨ ᠨᠡᠮᠡᠭᠳᠡᠵᠦ᠂ 22.8% ᠪᠠᠷ ᠨᠡᠮᠡᠭᠳᠡᠪᠡ᠃ ᠴᠠᠬᠢᠯᠭᠠᠨ ᠬᠦᠴᠦᠨ᠂ ᠢᠯᠴᠢ᠂ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠴᠢ ᠨᠢ 19.3 ᠲᠦᠮᠡᠨ | ᠬᠥᠮᠦᠨ᠂ ᠠᠭᠤᠷᠬᠠᠶ ᠮᠠᠯᠲᠠᠬᠤ ᠦᠢᠯᠡᠰ ᠨᠢ 25.8 ᠲᠦᠮᠡᠨ ᠬᠥᠮᠦᠨ ᠪᠠᠶᠢᠵᠤ᠂ ᠲᠣᠰ ᠲᠣᠰ 2018 ᠣᠨ ᠤ ᠡᠴᠦᠰ ᠤᠨ ᠬᠢ ᠠᠴᠠ 0.6 ᠲᠦᠮᠡᠨ ᠬᠥᠮᠦᠨ | ᠪᠠ 0. 04 ᠲᠦᠮᠡᠨ ᠬᠥᠮᠦᠨ ᠨᠡᠮᠡᠭᠳᠡᠪᠡ᠃ | ᠭᠤᠷᠪᠠ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ | ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ ᠡᠨᠧᠷᠭᠢ ᠶᠢᠨ ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠪᠥᠬᠦ ᠣᠷᠣᠨ ᠤ | ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠤᠨ ᠠᠵᠢᠯ ᠣᠯᠭᠤᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠬᠤᠪᠢ ᠶᠢᠨ ᠵᠢᠩ ᠨᠢ | ᠲᠣᠭᠲᠠᠭᠤᠨ ᠢᠶᠠᠷ ᠳᠡᠭᠡᠭᠰᠢᠯᠡᠨ᠂ ᠪᠦᠲᠦᠴᠡ ᠨᠢ ᠢᠯᠡᠳᠲᠡ ᠰᠢᠯᠢᠳᠡᠭᠵᠢᠵᠦ᠂ ᠪᠥᠬᠦ ᠣᠷᠣᠨ ᠤ ᠠᠵᠤ ᠠᠬᠤᠶ ᠶᠢᠨ ᠨᠡᠮᠡᠭᠳᠡᠯ ᠢ ᠳᠠᠶᠢᠴᠢᠯᠠᠨ᠂ ᠠᠵᠢᠯ ᠣᠯᠤᠭᠰᠠᠳ ᠢ | ᠰᠢᠩᠭᠡᠭᠡᠨ ᠠᠪᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ 2023 ᠣᠨ ᠤ ᠡᠴᠦᠰ ᠲᠤ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦ ᠭᠦᠢᠯᠭᠡᠭᠡᠨ ᠤ ᠦᠢᠯᠡᠰ ᠢᠶᠠᠷ ᠭᠤᠤᠯ ᠪᠣᠯᠭᠠᠭᠰᠠᠨ ᠰᠢᠨ᠎ᠡ ᠪᠠᠷ | ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠠᠵᠢᠯ ᠡᠷᠭᠢᠯᠡᠭᠰᠡᠳ 89.7 ᠲᠦᠮᠡ ᠳᠤ ᠬᠦᠷᠴᠦ᠂ ᠪᠥᠬᠦ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ 16.3% ᠶᠢ ᠡᠵᠡᠯᠡᠵᠦ᠂ 2018 ᠣᠨ ᠤ ᠡᠴᠦᠰ ᠤᠨ ᠬᠢ ᠠᠴᠠ 7.0% ᠢᠶᠠᠷ | ᠨᠡᠮᠡᠭᠳᠡᠪᠡ᠃ ᠡᠭᠦᠨ ᠳᠤ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ | ᠠᠵᠢᠯᠯᠠᠭᠰᠠᠳ 34.8 ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ 9.8 ᠲᠦᠮᠡᠨ ᠬᠥᠮᠦᠨ ᠨᠡᠮᠡᠭᠳᠡᠵᠦ᠂ 39. 1% ᠪᠠᠷ ᠨᠡᠮᠡᠭᠳᠡᠪᠡ︔ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠴᠢ 18.5 ᠲᠦᠮᠡᠨ | ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ 5.7 ᠲᠦᠮᠡᠨ ᠬᠥᠮᠦᠨ ᠨᠡᠮᠡᠭᠳᠡᠵᠦ᠂ 44.3% ᠪᠠᠷ ᠨᠡᠮᠡᠭᠳᠡᠪᠡ︔ ᠮᠡᠳᠡᠭᠡ ᠵᠠᠩᠭᠢ ᠳᠠᠮᠵᠢᠭᠤᠯᠬᠤ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 9.8 ᠲᠦᠮᠡᠨ | ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ 2.1 ᠲᠦᠮᠡᠨ ᠬᠥᠮᠦᠨ ᠨᠡᠮᠡᠭᠳᠡᠵᠦ᠂ 27.2% ᠢᠶᠠᠷ ᠨᠡᠮᠡᠭᠳᠡᠪᠡ᠃ ᠰᠢᠨ᠎ᠡ ᠪᠠᠷ ᠮᠠᠨᠳᠤᠭᠰᠠᠨ | ᠦᠢᠯᠡᠴᠢᠯᠡᠭᠡᠨ ᠤ ᠦᠢᠯᠡᠰ ᠠᠵᠢᠯ ᠣᠯᠭᠤᠯᠲᠠ ᠶᠢ ᠥᠷᠭᠡᠳᠬᠡᠬᠦ ᠳᠤ ᠰᠢᠨ᠎ᠡ ᠠᠵᠠ ᠲᠣᠬᠢᠶᠠᠯ ᠬᠠᠩᠭᠠᠪᠠ᠃ | ᠳᠥᠷᠪᠡ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠲᠠ ᠶᠢᠨ ᠰᠦᠷᠦᠭᠵᠢᠯ ᠤᠨ ᠠᠵᠢᠯ ᠣᠯᠭᠤᠯᠲᠠ ᠶᠢᠨ ᠲᠠᠲᠠᠬᠤ ᠬᠦᠴᠦᠨ ᠲᠠᠰᠤᠷᠠᠯᠲᠠ ᠥᠬᠡᠶ | ᠳᠡᠭᠡᠭᠰᠢᠯᠡᠪᠡ | ᠬᠥᠬᠡᠬᠤᠲᠠ ᠪᠤᠭᠤᠲᠤ ᠣᠷᠳᠣᠰ ᠦᠬᠠᠶ ᠶᠢᠨ ᠬᠤᠲᠠ ᠶᠢᠨ ᠪᠥᠭᠡᠮᠨᠡᠷᠡᠯ ᠤᠨ ᠣᠷᠣᠨ ᠪᠦᠰᠡ ᠶᠢᠨ ᠬᠠᠮᠵᠢᠯᠴᠠᠨ ᠬᠤᠯᠪᠣᠭᠠᠯᠠᠨ ᠬᠥᠭᠵᠢᠬᠦ ᠶᠢ ᠳᠠᠭᠠᠯᠳᠤᠨ᠂ | ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠭᠤᠯᠤᠯ ᠲᠠᠰᠤᠷᠠᠯᠲᠠ ᠥᠬᠡᠶ | ᠰᠢᠯᠢᠳᠡᠭᠵᠢᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 2023 ᠣᠨ ᠤ | ᠡᠴᠦᠰ ᠲᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 292.6 ᠲᠦᠮᠡᠨ ᠬᠥᠮᠦᠨ | ᠪᠣᠯᠵᠣ᠂ ᠪᠥᠬᠦ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ 53.3% ᠶᠢ | ᠡᠵᠡᠯᠡᠵᠦ᠂ ᠠᠵᠢᠯ ᠣᠯᠭᠤᠯᠲᠠ ᠶᠢᠨ ᠬᠡᠪᠴᠢᠶ᠎ᠡ ᠨᠢ 2018 ᠣᠨ ᠤ ᠡᠴᠦᠰ ᠤᠨ ᠬᠢ ᠠᠴᠠ 75.6 ᠲᠦᠮᠡᠨ ᠬᠥᠮᠦᠨ ᠨᠡᠮᠡᠭᠳᠡᠵᠦ᠂ 34.8% ᠪᠠᠷ ᠨᠡᠮᠡᠭᠳᠡᠪᠡ᠃ | ᠡᠭᠦᠨ ᠳᠤ᠂ ᠬᠥᠬᠡᠬᠤᠲᠠ ᠶᠢᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯᠯᠠᠭᠰᠠᠳ 107.4 ᠲᠦᠮᠡᠨ ᠬᠥᠮᠦᠨ ᠪᠠᠶᠢᠵᠤ᠂ 2018 ᠣᠨ ᠤ | ᠡᠴᠦᠰ ᠤᠨ ᠬᠢ ᠠᠴᠠ 39. 1 ᠲᠦᠮᠡᠨ ᠬᠥᠮᠦᠨ ᠨᠡᠮᠡᠭᠳᠡᠵᠦ᠂ 57.2% ᠢᠶᠠᠷ ᠨᠡᠮᠡᠭᠳᠡᠨ᠂ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ | ᠬᠤᠷᠳᠤᠴᠠ ᠨᠢ ᠴᠥᠮ ᠡᠯ᠎ᠡ ᠠᠶᠢᠮᠠᠭ ᠬᠤᠲᠠ ᠶᠢᠨ ᠲᠡᠷᠢᠭᠦᠨ ᠳᠤ ᠣᠷᠣᠪᠠ᠃ ᠵᠡᠭᠦᠨ ᠬᠡᠰᠡᠭ ᠤᠨ ᠭᠠᠵᠠᠷ ᠣᠷᠣᠨ ᠪᠠ ᠪᠠᠷᠠᠭᠤᠨ ᠬᠡᠰᠡᠭ ᠤᠨ ᠭᠠᠵᠠᠷ ᠣᠷᠣᠨ ᠤ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠬᠥᠮᠦᠨ ᠤ ᠨᠢᠭᠡᠴᠡ ᠶᠢᠨ ᠠᠵᠢᠯ ᠡᠷᠭᠢᠯᠡᠭᠰᠡᠳ ᠲᠣᠰ ᠲᠣᠰ 184.9 ᠲᠦᠮᠡᠨ ᠬᠥᠮᠦᠨ ᠪᠠ 55. | 7 ᠲᠦᠮᠡᠨ ᠬᠥᠮᠦᠨ ᠪᠠᠶᠢᠵᠤ᠂ 2018 ᠣᠨ ᠤ ᠡᠴᠦᠰ ᠤᠨ ᠬᠢ ᠠᠴᠠ ᠲᠣᠰ ᠲᠣᠰ 10.4 ᠲᠦᠮᠡᠨ ᠬᠥᠮᠦᠨ ᠪᠠ 7. 9 ᠲᠦᠮᠡᠨ ᠬᠥᠮᠦᠨ ᠨᠡᠮᠡᠭᠳᠡᠪᠡ᠃ | | |