1-2 ᠳ᠋ᠤᠭᠠᠷ ᠰᠠᠷ᠎ᠠ ᠳᠤ᠂ ᠪᠥᠬᠦ ᠣᠷᠣᠨ ᠤ ᠡᠯ᠎ᠡ ᠰᠠᠯᠠᠭ᠎ᠠ ᠮᠥᠴᠢᠷ ᠤᠳ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠳᠬᠡᠨ | ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠂ ᠰᠢᠨ᠎ᠡ ᠬᠥᠳᠡᠯᠭᠡᠭᠴᠢ | ᠡᠨᠧᠷᠭᠢ ᠰᠢᠨ᠎ᠡ ᠳᠠᠪᠠᠭᠤᠯᠢᠭ ᠢ ᠶᠡᠬᠡᠪᠡᠷ ᠪᠤᠶᠢᠵᠢᠭᠤᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠲᠠᠢ | ᠪᠣᠯᠪᠠ᠃ | ᠨᠢᠭᠡ᠂ ᠦᠨᠳᠦᠰᠦᠨ ᠪᠠᠶᠢᠳᠠᠯ | ︵ᠨᠢᠭᠡ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.8% ᠨᠡᠮᠡᠭᠳᠡᠪᠡ᠃ ᠭᠤᠷᠪᠠᠨ ᠶᠡᠭᠡ ᠲᠥᠷᠥᠯ ᠠᠴᠠ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ | ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠵᠦ᠂ ᠦᠢᠯᠡᠳᠬᠦ ᠦᠢᠯᠡᠰ 10.3% ᠨᠡᠮᠡᠭᠳᠡᠪᠡ᠂ ᠴᠠᠬᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 7.1% ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠣᠰ ᠲᠣᠰ 1.3᠂ 3.2 ᠪᠠ 1.3 ᠵᠠᠭᠤᠨ ᠤ ᠬᠤᠪᠢ ᠶᠢᠨ ᠴᠡᠭ ᠨᠡᠮᠡᠭᠳᠡᠪᠡ᠃ | ︵ᠬᠤᠶᠠᠷ︶ ᠵᠢᠷᠭᠤᠭᠠᠨ ᠬᠤᠪᠢ ᠶᠢᠨ ᠠᠵᠢᠯ ᠲᠥᠷᠥᠯ ᠪᠠ ᠪᠦᠲᠦᠭᠡᠭᠳᠡᠬᠦᠨ ᠨᠡᠮᠡᠭᠳᠡᠯ ᠢ ᠪᠡᠶᠡᠯᠡᠬᠦᠯᠪᠡ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 38 ᠲᠣᠮᠣ ᠲᠥᠷᠥᠯ ᠤᠨ ᠠᠵᠢᠯ ᠲᠥᠷᠥᠯ ᠤᠨ | ᠳᠣᠲᠣᠷ᠎ᠠ᠂ 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠵᠦ᠂ 68.4% ᠪᠠᠷ ᠨᠡᠮᠡᠭᠳᠡᠪᠡ᠃ ᠡᠭᠦᠨ ᠳᠤ ᠬᠢᠮᠢ᠂ ᠺᠣᠮᠫᠢᠦ᠋ᠲ᠋ᠧᠷ ᠵᠡᠷᠭᠡ 16 ᠠᠵᠢᠯ | ᠲᠥᠷᠥᠯ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠪᠦᠷᠢᠳᠬᠡᠭᠰᠡᠨ 234 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠤ ᠳᠣᠲᠣᠷ᠎ᠠ᠂ 139 | ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 59.4% ᠪᠠᠶᠢᠪᠠ᠃ | ︵ᠭᠤᠷᠪᠠ︶ ᠦᠢᠯᠡᠳᠬᠦ ᠦᠢᠯᠡᠰ ᠤᠨ ᠬᠤᠪᠢ ᠨᠡᠮᠡᠷᠢ ᠢᠯᠡᠳᠲᠡ ᠪᠠᠶᠢᠨ᠎ᠠ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 10.3% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 55.5% ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠢ ᠲᠤᠯᠭᠠᠭᠤᠷᠢᠯᠠᠬᠤ ᠴᠢᠬᠤᠯᠠ ᠬᠦᠴᠦᠨ ᠪᠣᠯᠵᠠᠶ᠃ | ᠡᠭᠦᠨ ᠳᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠢᠳᠡᠭᠡᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24. | 0% ᠪᠠᠷ ᠨᠡᠮᠡᠭᠳᠡᠵᠦ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ 10.9% ᠪᠠᠷ ᠨᠡᠮᠡᠭᠳᠡᠵᠦ᠂ ᠡᠮ ᠡᠮᠨᠡᠯᠭᠡ ᠶᠢᠨ | ᠦᠢᠯᠡᠳᠬᠦ ᠦᠢᠯᠡᠰ 18.4% ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠩᠭᠠᠬᠤ ᠡᠳ᠋ᠰᠢᠭᠦᠯᠬᠦ ᠦᠢᠯᠡᠰ 16 . 1 % ᠪᠠᠷ | ᠨᠡᠮᠡᠭᠳᠡᠵᠦ᠂ ᠴᠥᠮ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃ | ︵ᠳᠥᠷᠪᠡ︶ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠪᠠ | ᠨᠢᠭᠡ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠵᠦ | ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18.8 ᠵᠠᠭᠤᠨ ᠤ ᠬᠤᠪᠢ ᠶᠢᠨ ᠴᠡᠭ ᠠᠴᠠ ᠥᠨᠳᠥᠷ ᠪᠣᠯᠵᠣ᠂ ᠪᠥᠬᠦ ᠣᠷᠣᠨ ᠤ | ᠠᠵᠤ ᠦᠢᠯᠡᠳᠪᠦᠷᠢ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠲᠥᠯᠦᠨ ᠵᠢᠯᠣᠭᠤᠳᠴᠤ ᠰᠢᠨ᠎ᠡ ᠪᠠᠷ ᠬᠥᠭᠵᠢᠪᠡ᠃ ᠬᠤᠶᠠᠷ ᠲᠤ᠂ ᠠᠵᠤ ᠦᠢᠯᠡᠳᠪᠦᠷᠢ ᠶᠢᠨ | ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠤᠶᠢᠵᠢᠪᠠ᠃ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 40.5% ᠨᠡᠮᠡᠭᠳᠡᠵᠦ᠂ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ | 19.5% ᠨᠡᠮᠡᠭᠳᠡᠵᠦ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 33.5% ᠨᠡᠮᠡᠭᠳᠡᠵᠦ᠂ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ 51.9% ᠨᠡᠮᠡᠭᠳᠡᠵᠦ᠂ ᠴᠥᠮ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ | ᠲᠦᠪᠰᠢᠨ ᠠᠴᠠ ᠥᠨᠳᠥᠷ ᠪᠣᠯᠪᠠ᠃ ᠭᠤᠷᠪᠠ ᠳᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠨᠡᠷᠡᠨ ᠤ ᠡᠨᠧᠷᠭᠢ ᠶᠢᠨ ᠴᠠᠬᠢᠯᠭᠠᠨ ᠴᠡᠨᠡᠭ ᠤᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 3.8 ᠳᠠᠬᠢᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 2.4 ᠳᠠᠬᠢᠨ ᠨᠡᠮᠡᠭᠳᠡᠵᠦ᠂ ᠲᠠᠩ | ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠪᠣᠯᠤᠨ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠭᠠᠷᠤᠯᠲᠠ | ᠲᠣᠰ ᠲᠣᠰ ᠠᠳᠠᠯᠢ ᠬᠤᠭᠤᠴᠠᠭᠠᠨ ᠤ ᠬᠢ ᠠᠴᠠ 43.5%᠂ 47. 8% ᠪᠠ 66.2% ᠨᠡᠮᠡᠭᠳᠡᠪᠡ᠃ | ︵ᠲᠠᠪᠤ︶ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ︽11 ᠨᠢ ᠨᠡᠮᠡᠭᠳᠡᠵᠦ 1 ᠨᠢ ᠪᠠᠭᠤᠷᠠᠪᠠ︾ | 1-2 ᠳ᠋ᠤᠭᠠᠷ ᠰᠠᠷ᠎ᠠ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ 11 ᠨᠢ ᠨᠡᠮᠡᠭᠳᠡᠵᠦ 1 ᠨᠢ ᠪᠠᠭᠤᠷᠠᠪᠠ᠃ ᠡᠭᠦᠨ ᠳᠤ᠂ ᠨᠡᠮᠡᠭᠳᠡᠯ ᠤᠨ ᠬᠤᠷᠳᠤᠴᠠ ᠶᠢᠨ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ | ᠪᠤᠭᠤᠲᠤ ᠬᠤᠲᠠ᠂ ᠤᠯᠠᠭᠠᠨᠬᠠᠳᠠ ᠬᠤᠲᠠ ᠪᠠ ᠬᠥᠯᠥᠨ ᠪᠤᠶᠢᠷ ᠬᠤᠲᠠ ᠪᠣᠯᠤᠨ᠎ᠠ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ ᠪᠠᠨ 16.0%᠂ 11. | 8% ᠪᠠ 9.8% ᠪᠠᠷ ᠨᠡᠮᠡᠭᠳᠡᠪᠡ︔ ᠦᠬᠠᠶ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 19.4% ᠪᠠᠷ ᠪᠠᠭᠤᠷᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠠᠭᠤᠷᠬᠠᠢ ᠮᠠᠯᠲᠠᠬᠤ ᠦᠢᠯᠡᠰ ᠤᠨ ᠳᠠᠶᠢᠴᠢᠯᠠᠭ᠎ᠠ ᠬᠦᠷᠦᠯᠴᠡᠬᠦ ᠦᠭᠡᠢ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ 2024 ᠣᠨ ᠤ ᠬᠢ ᠠᠴᠠ 2. 2 ᠵᠠᠭᠤᠨ ᠤ ᠬᠤᠪᠢ ᠶᠢᠨ ᠴᠡᠭ ᠪᠠᠭᠤᠷᠠᠵᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 1.3 ᠵᠠᠭᠤᠨ ᠤ ᠬᠤᠪᠢ ᠶᠢᠨ ᠴᠡᠭ ᠳᠠᠶᠢᠴᠢᠯᠠᠵᠤ᠂ | 2024 ᠣᠨ ᠤ ᠬᠢ ᠠᠴᠠ 1.1 ᠵᠠᠭᠤᠨ ᠤ ᠬᠤᠪᠢ ᠶᠢᠨ ᠴᠡᠭ ᠪᠠᠭᠠᠰᠪᠠ᠃ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 2. 8% ᠪᠠᠷ ᠨᠡᠮᠡᠭᠳᠡᠵᠦ᠂ 2024 ᠣᠨ ᠤ ᠬᠢ ᠠᠴᠠ 2.3 ᠵᠠᠭᠤᠨ ᠤ ᠬᠤᠪᠢ ᠶᠢᠨ ᠴᠡᠭ ᠪᠠᠭᠤᠷᠠᠵᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠶᠢᠴᠢᠯᠠᠯᠲᠠ 2024 ᠣᠨ ᠤ 2.2 ᠵᠠᠭᠤᠨ ᠤ ᠬᠤᠪᠢ ᠶᠢᠨ ᠴᠡᠭ ᠪᠠᠶᠢᠭᠰᠠᠨ ᠠᠴᠠ ᠪᠠᠨ | ᠪᠠᠭᠤᠷᠠᠭᠠᠳ 1 — 2 ᠳ᠋ᠤᠭᠠᠷ ᠰᠠᠷ᠎ᠠ ᠶᠢᠨ 1.2 ᠵᠠᠭᠤᠨ ᠤ ᠴᠡᠭ ᠪᠣᠯᠵᠠᠶ᠃ | ︵ᠬᠤᠶᠠᠷ︶ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ | 1-2 ᠳ᠋ᠤᠭᠠᠷ ᠰᠠᠷ᠎ᠠ ᠳᠤ᠂ ᠨᠡᠭᠦᠷᠡᠰᠦ᠂ ᠪᠣᠯᠣᠳ ᠮᠠᠲ᠋ᠧᠷᠢᠶᠠᠯ ᠵᠡᠷᠭᠡ ᠪᠥᠭᠡᠮ ᠠᠵᠤ ᠦᠢᠯᠡᠳᠪᠦᠷᠢ ᠶᠢᠨ ᠦᠢᠯᠡᠳᠬᠦᠨ ᠤ ᠬᠥᠮᠥᠷᠭᠡ ᠶᠢᠨ ᠬᠠᠳᠠᠭᠠᠯᠠᠯᠲᠠ ᠶᠢᠨ | ᠥᠨᠳᠥᠷ ᠲᠦᠪᠰᠢᠨ᠂ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠯᠪᠡᠯᠵᠡᠯ ᠵᠢᠴᠢ ᠳᠤᠤᠷᠠᠳᠤ ᠤᠷᠤᠰᠬᠠᠯ ᠤᠨ ᠨᠥᠭᠡᠴᠡ ᠪᠠᠷᠠᠭᠠᠨ ᠤ ᠬᠦᠰᠡᠯ ᠰᠠᠨᠠᠭ᠎ᠠ | ᠴᠢᠩᠭ᠎ᠠ ᠪᠤᠰᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠮᠣ ᠬᠡᠯᠪᠡᠷᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 1.0 ᠵᠠᠭᠤᠨ ᠤ ᠬᠤᠪᠢ ᠶᠢᠨ ᠴᠡᠭ ᠳᠤᠤᠷ᠎ᠠ ᠪᠣᠯᠪᠠ᠃ | ︵ᠭᠤᠷᠪᠠ︶ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠳᠤ ᠬᠦᠷᠬᠦ ᠦᠭᠡᠶ ᠪᠠᠶᠢᠨ᠎ᠠ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 94. | 0% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠬᠤᠪᠢ ᠶᠢᠨ ᠴᠡᠭ ᠪᠠᠭᠤᠷᠠᠪᠠ᠃ ᠪᠥᠬᠦ ᠣᠷᠣᠨ ᠤ 38 ᠠᠵᠢᠯ ᠲᠥᠷᠥᠯ ᠤᠨ | ᠲᠣᠮᠣ ᠲᠥᠷᠥᠯ ᠤᠨ ᠳᠣᠲᠣᠷ᠎ᠠ᠂ ᠲᠠᠪᠤᠨ ᠬᠤᠪᠢ ᠠᠴᠠ ᠳᠡᠭᠡᠭᠰᠢᠬᠢ ᠠᠵᠢᠯ ᠲᠥᠷᠥᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ ᠨᠢ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ ᠳᠤᠤᠷ᠎ᠠ ᠪᠠᠶᠢᠨ᠎ᠠ᠃ ᠡᠭᠦᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠦᠢᠯᠡᠳᠪᠦᠷᠢᠯᠡᠯ | ᠪᠣᠷᠣᠯᠠᠭᠤᠯᠭ᠎ᠠ ᠶᠢᠨ ᠨᠣᠷᠮ᠎ᠠ 91.2% ᠪᠠᠶᠢᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 2.8 ᠵᠠᠭᠤᠨ ᠤ | ᠬᠤᠪᠢ ᠶᠢᠨ ᠴᠡᠭ ᠳᠤᠤᠷ᠎ᠠ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.0 ᠵᠠᠭᠤᠨ ᠤ ᠬᠤᠪᠢ ᠶᠢᠨ ᠴᠡᠭ ᠪᠠᠭᠤᠷᠠᠪᠠ᠃ | ᠲᠠᠷᠠᠭᠠᠴᠢ ᠶᠢᠨ ᠱᠠᠲᠤᠨ ᠳᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠬᠡᠷᠡᠭᠯᠡᠭᠡ ᠶᠢ ᠶᠡᠭᠡ ᠪᠠᠷ ᠬᠥᠭᠵᠢᠭᠡᠨ᠂ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠥᠷᠭᠡᠳᠬᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠰᠢᠨ᠎ᠡ ᠲᠡᠰᠢ | ᠬᠥᠭᠵᠢᠬᠦ ᠶᠢ ᠠᠬᠢᠭᠤᠯᠬᠤ ᠬᠡᠷᠡᠭᠲᠡᠶ᠃ | | |