ᠥᠪᠥᠷ ᠮᠣᠩᠭᠤᠯ ᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠢᠭᠡᠴᠡ ᠶᠢᠨ ᠠᠵᠢᠯ ᠣᠯᠤᠭᠰᠠᠳ ᠤᠨ ᠡᠵᠡᠯᠡᠬᠦ ᠬᠠᠷᠢᠴᠠᠯ ᠳᠡᠭᠡᠭᠰᠢᠯᠡᠪᠡ
ᠨᠡᠶᠢᠲᠡᠯᠡᠭᠰᠡᠨ ᠴᠠᠭ᠄
2025/4/2
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠣᠯᠭᠤᠯᠲᠠ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠡᠮᠡᠭᠲᠡᠶᠢᠴᠦᠳ ᠤᠨ ᠠᠵᠢᠯ ᠣᠯᠵᠤ ᠦᠢᠯᠡᠰ ᠪᠦᠳᠦᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠦ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2019 - 2023 ᠣᠨ ᠳᠤ ᠪᠥᠬᠦ ᠣᠷᠣᠨ ᠤ ᠡᠮᠡᠭᠲᠡᠶᠢᠴᠦᠳ ᠤᠨ ᠠᠵᠢᠯ ᠣᠯᠭᠤᠯᠲᠠ ᠶᠢᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠡᠮᠡᠭᠲᠡᠶᠢᠴᠦᠳ ᠤᠨ ᠠᠵᠢᠯ ᠣᠯᠤᠭᠰᠠᠳ ᠤᠨ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠨ᠂ ᠠᠵᠢᠯ ᠣᠯᠭᠤᠯᠲᠠ ᠶᠢᠨ ᠴᠢᠨᠠᠷ ᠤᠨ ᠢᠯᠭᠠᠯ ᠤᠨ ᠵᠥᠷᠢᠶ᠎ᠡ ᠲᠠᠰᠤᠷᠠᠯᠲᠠ ᠥᠬᠡᠶ ᠪᠠᠭᠠᠰᠴᠤ᠂ ᠠᠵᠢᠯ ᠣᠯᠭᠤᠯᠲᠠ ᠶᠢᠨ ᠪᠦᠲᠦᠴᠡ ᠤᠯᠠᠮ ᠰᠢᠯᠢᠳᠡᠭᠵᠢᠪᠡ᠃       2023 ᠣᠨ ᠤ ᠰᠡᠭᠦᠯᠴᠢ ᠪᠠᠷ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠠᠵᠢᠯ ᠡᠷᠭᠢᠯᠡᠭᠰᠡᠳ 549.0 ᠲᠦᠮᠡᠨ ᠬᠥᠮᠦᠨ ᠪᠣᠯᠪᠠ᠂ ᠡᠭᠦᠨ ᠳᠤ ᠡᠮᠡᠭᠲᠡᠶ ᠠᠵᠢᠯ ᠡᠷᠭᠢᠯᠡᠭᠰᠡᠳ 212.5 ᠲᠦᠮᠡᠨ ᠬᠥᠮᠦᠨ ᠪᠠᠶᠢᠵᠤ᠂ ᠪᠥᠬᠦ ᠠᠵᠢᠯ ᠡᠷᠭᠢᠯᠡᠭᠰᠡᠳ ᠤᠨ 38.7% ᠶᠢ ᠡᠵᠡᠯᠡᠵᠦ᠂ 2018 ᠣᠨ ᠤ ᠰᠡᠭᠦᠯᠴᠢ ︵2018 ᠣᠨ ᠳᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠨ︶ ᠠᠴᠠ 30.0 ᠲᠦᠮᠡᠨ ᠬᠥᠮᠦᠨ ᠨᠡᠮᠡᠭᠳᠡᠨ᠂ 16.5% ᠪᠠᠷ ᠨᠡᠮᠡᠭᠳᠡᠵᠦ᠂ ᠡᠵᠡᠯᠡᠬᠦ ᠬᠠᠷᠢᠴᠠᠯ ᠨᠢ 0.5 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠤᠶᠠᠳᠤᠭᠠᠷ ᠠᠵᠤ ᠦᠢᠯᠡᠰ ᠤᠨ ᠡᠮᠡᠭᠲᠡᠶ ᠠᠵᠢᠯᠯᠠᠭᠴᠢᠳ 38.7 ᠲᠦᠮᠡ ᠪᠣᠯᠵᠣ᠂ ᠬᠤᠶᠠᠳᠤᠭᠠᠷ ᠠᠵᠤ ᠦᠢᠯᠡᠰ ᠤᠨ ᠠᠵᠢᠯᠯᠠᠭᠴᠢᠳ ᠤᠨ 23.0% ᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠡᠮᠡᠭᠲᠡᠶ ᠠᠵᠢᠯᠯᠠᠭᠴᠢ 173.7 ᠲᠦᠮᠡᠨ ᠬᠥᠮᠦᠨ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠠᠵᠢᠯᠯᠠᠭᠴᠢᠳ ᠤᠨ 45.6% ᠶᠢ ᠡᠵᠡᠯᠡᠪᠡ᠃ 2018 ᠣᠨ ᠤ ᠡᠴᠦᠰ ᠲᠠᠢ ᠬᠠᠷᠢᠴᠠᠭᠤᠯᠪᠠᠯ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠡᠮᠡᠭᠲᠡᠶ ᠠᠵᠢᠯᠲᠠᠨ ᠤ ᠲᠤᠭ᠎ᠠ ᠲᠣᠰ ᠲᠣᠰ 4.8 ᠲᠦᠮᠡ ᠪᠠ 25.2 ᠲᠦᠮᠡ ᠨᠡᠮᠡᠭᠳᠡᠵᠡᠶ᠃       2023 ᠣᠨ ᠤ ᠡᠴᠦᠰ ᠲᠤ᠂ ᠪᠥᠬᠦ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠡᠮᠡᠭᠲᠡᠶ ᠠᠵᠢᠯᠲᠠᠨ ᠤ ᠬᠠᠷᠢᠴᠠᠯ ᠨᠢ 18.2᠄ 81.8 ᠪᠠᠶᠢᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠪᠥᠬᠦ ᠠᠵᠢᠯᠲᠠᠨ 30.7᠄ 69.3 ᠪᠠᠶᠢᠬᠤ ᠲᠠᠢ ᠬᠠᠷᠢᠴᠠᠭᠤᠯᠪᠠᠯ᠂ ᠪᠥᠬᠦ ᠣᠷᠣᠨ ᠤ ᠡᠮᠡᠭᠲᠡᠶᠢᠴᠦᠳ ᠤᠨ ᠭᠤᠷᠪᠠᠳᠤᠭᠠᠷ ᠠᠵᠤ ᠦᠢᠯᠡᠰ ᠲᠤ ᠠᠵᠢᠯ ᠣᠯᠤᠭᠰᠠᠨ ᠪᠠᠶᠢᠳᠠᠯ ᠨᠠᠩ ᠲᠥᠪᠯᠡᠷᠡᠩᠭᠦᠶ ᠪᠣᠯᠵᠠᠶ᠃ ᠡᠮᠡᠭᠲᠡᠶ ᠠᠵᠢᠯᠲᠠᠨ ᠤ ᠠᠵᠢᠯ ᠣᠯᠭᠤᠯᠲᠠ ᠶᠢᠨ ᠠᠵᠢᠯ ᠲᠥᠷᠥᠯ ᠠᠴᠠ ᠦᠵᠡᠪᠡᠯ᠂ ᠡᠮᠡᠭᠲᠡᠶ ᠠᠵᠢᠯᠲᠠᠨ ᠤ ᠡᠵᠡᠯᠡᠬᠦ ᠬᠠᠷᠢᠴᠠᠯ ᠨᠡᠯᠢᠶᠡᠳ ᠶᠡᠭᠡ ᠠᠵᠢᠯ ᠲᠥᠷᠥᠯ ᠳᠤ ᠭᠤᠤᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠮᠥᠩᠭᠦᠨ ᠭᠦᠢᠯᠭᠡᠭᠡᠨ ᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠡᠮᠡᠭᠲᠡᠶ ᠠᠵᠢᠯᠲᠠᠨ ᠤ ᠡᠵᠡᠯᠡᠬᠦ ᠬᠠᠷᠢᠴᠠᠯ ᠲᠣᠰ ᠲᠣᠰ 68.8%᠂ 68.0%᠂ 57.9% ᠪᠠ 57.8% ᠪᠠᠶᠢᠵᠤ᠂ ᠴᠥᠮ ᠬᠠᠭᠠᠰ ᠲᠤᠭ᠎ᠠ ᠶᠢ ᠳᠠᠪᠠᠵᠤ᠂ ᠡᠮᠡᠭᠲᠡᠶ ᠠᠵᠢᠯᠲᠠᠨ ᠤ ᠠᠵᠢᠯ ᠣᠯᠭᠤᠯᠲᠠ ᠨᠢ ᠦᠢᠯᠡᠴᠢᠯᠡᠭᠡᠨ ᠤ ᠬᠦᠷᠢᠶᠡᠨ ᠳᠤ ᠨᠠᠩ ᠢᠯᠡᠭᠦᠦ ᠬᠡᠯᠪᠠᠶᠢᠵᠦ ᠪᠠᠶᠢᠨ᠎ᠠ᠃ ᠠᠵᠢᠯ ᠣᠯᠭᠤᠯᠲᠠ ᠶᠢᠨ ᠭᠠᠵᠠᠷ ᠣᠷᠣᠨ ᠤ ᠲᠠᠷᠬᠠᠯᠲᠠ ᠠᠴᠠ ᠦᠵᠡᠪᠡᠯ᠂ ᠪᠥᠬᠦ ᠣᠷᠣᠨ ᠤ ᠬᠠᠭᠠᠰ ᠠᠴᠠ ᠳᠡᠭᠡᠭᠰᠢᠬᠢ ᠲᠣᠭᠠᠨ ᠤ ᠡᠮᠡᠭᠲᠡᠶ ᠠᠵᠢᠯᠲᠠᠨ ᠳᠤᠮᠳᠠ ᠬᠡᠰᠡᠭ ᠤᠨ ᠭᠠᠵᠠᠷ ᠣᠷᠣᠨ ᠳᠤ ᠲᠠᠷᠬᠠᠵᠤ ᠪᠠᠶᠢᠨ᠎ᠠ᠂ 2023 ᠣᠨ ᠤ ᠡᠴᠦᠰ ᠲᠤ᠂ ᠬᠥᠬᠡᠬᠤᠲᠠ ᠪᠤᠭᠤᠲᠤ ᠣᠷᠳᠣᠰ ᠦᠬᠠᠶ ᠣᠷᠣᠨ ᠤ ᠡᠮᠡᠭᠲᠡᠶ ᠠᠵᠢᠯᠲᠠᠨ 111.3 ᠲᠦᠮᠡ ᠪᠣᠯᠵᠣ᠂ ᠪᠥᠬᠦ ᠡᠮᠡᠭᠲᠡᠶ ᠠᠵᠢᠯᠲᠠᠨ ᠤ 52.4% ᠶᠢ ᠡᠵᠡᠯᠡᠵᠦ᠂ 2018 ᠣᠨ ᠤ ᠡᠴᠦᠰ ᠤᠨ ᠬᠢ ᠠᠴᠠ 31.2 ᠲᠦᠮᠡ ᠨᠡᠮᠡᠭᠳᠡᠵᠡᠶ︔ ᠵᠡᠭᠦᠨ ᠬᠡᠰᠡᠭ ᠤᠨ ᠭᠠᠵᠠᠷ ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠬᠠᠷᠢᠴᠠᠩᠭᠤᠶ ᠲᠣᠭᠲᠠᠭᠤᠨ ᠪᠣᠯᠪᠠᠴᠤ ᠡᠮᠡᠭᠲᠡᠶ ᠠᠵᠢᠯᠲᠠᠨ ᠨᠡᠯᠢᠶᠡᠳ ᠥᠨᠳᠥᠷ ᠪᠠᠶᠢᠨ᠎ᠠ᠃ ᠡᠭᠦᠨ ᠳᠤ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠠ ᠬᠥᠯᠥᠨ ᠪᠤᠶᠢᠷ ᠬᠤᠲᠠ ᠶᠢᠨ ᠡᠮᠡᠭᠲᠡᠶ ᠠᠵᠢᠯᠯᠠᠭᠰᠠᠳ ᠤᠨ ᠲᠤᠬᠠᠶ ᠶᠢᠨ ᠭᠠᠵᠠᠷ ᠤᠨ ᠪᠥᠬᠦ ᠠᠵᠢᠯᠯᠠᠭᠰᠠᠳ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 43.3%᠂ 42.0%᠂ 41.5% ᠪᠠ 40.3% ᠪᠠᠶᠢᠵᠤ᠂ ᠴᠥᠮ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠪᠠ︔ ᠪᠠᠷᠠᠭᠤᠨ ᠬᠡᠰᠡᠭ ᠤᠨ ᠭᠠᠵᠠᠷ ᠣᠷᠣᠨ ᠤ ᠡᠮᠡᠭᠲᠡᠶ ᠠᠵᠢᠯᠲᠠᠨ ᠤ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠪᠠᠶᠠᠨᠨᠠᠭᠤᠷ ᠬᠤᠲᠠ᠂ ᠠᠯᠠᠱᠠ ᠠᠶᠢᠮᠠᠭ ᠪᠠ ᠦᠬᠠᠶ ᠬᠤᠲᠠ ᠶᠢᠨ ᠡᠮᠡᠭᠲᠡᠶ ᠠᠵᠢᠯᠲᠠᠨ ᠤ ᠨᠡᠮᠡᠭᠳᠡᠯ ᠤᠨ ᠬᠤᠷᠳᠤᠴᠠ ᠲᠣᠰ ᠲᠣᠰ 2018 ᠣᠨ ᠤ ᠡᠴᠦᠰ ᠤᠨ ᠬᠢ ᠠᠴᠠ 27.2%᠂ 25.8% ᠪᠠ 22.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠲᠦᠷᠭᠡᠨ ᠪᠣᠯᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ