ᠴᠠᠭ ᠠᠭᠤᠷ ᠤᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 21 — 24 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠬᠤᠶᠠᠷ ᠤᠳᠠᠭ᠎ᠠ ᠴᠠᠰᠤ ᠪᠣᠷᠣᠭᠠᠨ ᠣᠷᠣᠵᠤ᠂ ᠶᠡᠭᠡ ᠰᠠᠯᠬᠢ ᠰᠠᠯᠬᠢᠯᠠᠨ᠂ ᠠᠭᠠᠷ ᠤᠨ ᠳᠤᠯᠠᠭᠠᠨ ᠳᠣᠷᠣᠭᠰᠢᠯᠠᠨ᠎ᠠ᠂ ᠡᠯ᠎ᠡ ᠭᠠᠵᠠᠷ ᠲᠤ ᠬᠡᠰᠡᠭ ᠲᠡᠭᠡᠨ 10 ~ 11 ᠳᠡᠰ ᠤᠨ ᠰᠠᠯᠬᠢ ᠰᠠᠯᠬᠢᠯᠠᠵᠤ᠂ ᠬᠠᠮᠤᠭ ᠤᠨ ᠥᠨᠳᠥᠷ ᠠᠭᠠᠷ ᠤᠨ ᠳᠤᠯᠠᠭᠠᠨ 8 ~ 10℃ ᠳᠣᠷᠣᠭᠰᠢᠯᠠᠨ᠎ᠠ᠃      21 ᠤ ᠡᠳᠦᠷ᠂ ᠮᠠᠨ ᠤ ᠬᠤᠰᠢᠭᠤᠨ ᠤ ᠡᠯ᠎ᠡ ᠭᠠᠵᠠᠷ ᠲᠤ ᠴᠠᠰᠤ ᠪᠣᠷᠣᠭᠠᠨ ᠬᠤᠯᠢᠯᠳᠤᠨ ᠣᠷᠣᠵᠤ᠂ ᠬᠤᠷ᠎ᠠ ᠲᠤᠨᠳᠠᠰᠤᠨ ᠤ ᠬᠡᠮᠵᠢᠶ᠎ᠡ 0.1~5.0 ᠮᠢᠯᠢᠮᠧᠲᠷ ᠲᠤ ᠬᠦᠷᠦᠨ᠎ᠡ︔ ᠬᠠᠮᠤᠭ ᠤᠨ ᠥᠨᠳᠥᠷ ᠠᠭᠠᠷ ᠤᠨ ᠳᠤᠯᠠᠭᠠᠨ 8~10℃ ᠳᠣᠷᠣᠭᠰᠢᠯᠠᠵᠤ᠂ ᠮᠠᠨ ᠤ ᠬᠤᠰᠢᠭᠤᠨ ᠤ ᠡᠮᠦᠨ᠎ᠡ ᠪᠡᠶ᠎ᠡ ᠳᠤ ᠵᠡᠭᠦᠨ ᠬᠤᠶᠢᠨ᠎ᠠ ᠠᠴᠠ 6~7 ᠲᠠᠰ᠂ ᠬᠡᠰᠡᠭ ᠭᠠᠵᠠᠷ ᠲᠤ 8~9 ᠲᠠᠰ ᠤᠨ ᠰᠠᠯᠬᠢ ᠰᠠᠯᠬᠢᠯᠠᠨ᠎ᠠ᠃      22 ᠤᠨ ᠰᠥᠨᠢ ᠠᠴᠠ 24 ᠤ ᠰᠥᠨᠢ ᠪᠣᠯᠲᠠᠯ᠎ᠠ᠂ ᠪᠠᠰᠠ ᠨᠢᠭᠡ ᠤᠳᠠᠭ᠎ᠠ ᠴᠠᠰᠤ ᠪᠣᠷᠣᠭᠠᠨ ᠣᠷᠣᠵᠤ᠂ ᠶᠡᠭᠡ ᠰᠠᠯᠬᠢ ᠰᠠᠯᠬᠢᠯᠠᠨ᠂ ᠠᠭᠠᠷ ᠤᠨ ᠳᠤᠯᠠᠭᠠᠨ ᠳᠣᠷᠣᠭᠰᠢᠯᠠᠨ᠎ᠠ᠂ ᠡᠨᠡ ᠬᠤᠭᠤᠴᠠᠭᠠᠨ ᠳᠤ ᠴᠠᠰᠤ ᠪᠣᠷᠣᠭᠠᠨ ᠬᠤᠯᠢᠯᠳᠤᠨ ᠣᠷᠣᠨ᠎ᠠ᠃ ᠴᠠᠰᠤ ᠪᠣᠷᠣᠭᠠᠨ ᠭᠤᠣᠯᠳᠠᠭᠤ 23 ᠤ ᠡᠳᠦᠷ ᠲᠥᠪᠯᠡᠷᠡᠵᠦ᠂ ᠵᠢᠱᠢᠯᠲᠡ ᠪᠠᠷ ᠲᠤᠨᠳᠠᠰᠤᠨ ᠤ ᠬᠡᠮᠵᠢᠶ᠎ᠡ ᠨᠢ 0.1 ~ 4.0 ᠮᠢᠯᠢᠮᠧᠲᠷ ᠲᠤ ᠬᠦᠷᠴᠦ᠂ ᠡᠯ᠎ᠡ ᠭᠠᠵᠠᠷ ᠤᠨ ᠰᠢᠨ᠎ᠡ ᠪᠠᠷ ᠨᠡᠮᠡᠭᠳᠡᠬᠦ ᠴᠠᠰᠤᠨ ᠤ ᠭᠦᠨ ᠤ ᠬᠡᠮᠵᠢᠶ᠎ᠡ ᠨᠢ ᠬᠠᠮᠤᠭ ᠶᠡᠭᠡ ᠳᠡᠭᠡᠨ 2~5 ᠰᠠᠨᠲ᠋ᠢᠮᠧᠲᠷ ᠬᠦᠷᠦᠨ᠎ᠡ᠃ ᠡᠯ᠎ᠡ ᠭᠠᠵᠠᠷ ᠲᠤ ᠬᠤᠶᠢᠨ᠎ᠠ ᠠᠴᠠ 8 ~ 9 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 10 ~ 11 ᠳᠡᠰ ᠲᠤ ᠬᠦᠷᠦᠨ᠎ᠡ︔ ᠶᠡᠭᠡ ᠰᠠᠯᠬᠢ ᠰᠠᠯᠬᠢᠯᠠᠬᠤ ᠬᠤᠭᠤᠴᠠᠭ᠎ᠠ ᠨᠢ ᠭᠤᠣᠯᠳᠠᠭᠤ 22 ᠤᠨ ᠰᠦᠨᠢ ᠠᠴᠠ 24 ᠤ ᠡᠳᠦᠷ ᠲᠤ ᠲᠦᠪᠯᠡᠷᠡᠨ᠎ᠡ᠃ ᠡᠨᠡ ᠬᠤᠭᠤᠴᠠᠭᠠᠨ ᠳᠤ ᠠᠭᠠᠷ ᠤᠨ ᠳᠤᠯᠠᠭᠠᠨ 6 ~ 8℃ ᠳᠣᠷᠣᠭᠰᠢᠯᠠᠨ᠎ᠠ᠃       ᠨᠥᠯᠥᠭᠡ ᠬᠢᠭᠡᠳ ᠰᠠᠨᠠᠭᠤᠯᠤᠮᠵᠢ᠄        ᠬᠤᠶᠠᠷ ᠤᠳᠠᠭᠠᠨ ᠤ ᠴᠠᠭ ᠠᠭᠤᠷ ᠤᠨ ᠪᠠᠶᠢᠳᠠᠯ ᠪᠦᠬᠦ ᠬᠤᠰᠢᠭᠤ ᠶᠢ ᠨᠦᠯᠦᠭᠡᠯᠡᠵᠦ᠂ ᠴᠠᠰᠤ ᠪᠣᠷᠣᠭᠠᠨ ᠬᠤᠯᠢᠯᠳᠣᠨ ᠣᠷᠣᠵᠤ᠂ ᠦᠵᠡᠭᠳᠡᠴᠡ ᠳᠣᠣᠷ᠎ᠠ ᠪᠣᠯᠵᠤ᠂ ᠵᠡᠮ ᠳᠡᠭᠡᠷ᠎ᠡ ᠮᠦᠰᠦ ᠬᠦᠯᠳᠡᠬᠦ᠂ ᠴᠠᠰᠤ ᠬᠤᠷᠠᠬᠤ ᠵᠡᠷᠭᠡ ᠪᠠᠶᠢᠳᠠᠯ ᠭᠠᠷᠬᠤ ᠪᠣᠯᠬᠤᠷ᠂ ᠵᠠᠮ ᠲᠡᠭᠡᠭᠡᠪᠦᠷᠢ ᠳᠤ ᠨᠡᠯᠢᠶᠡᠳ ᠶᠡᠭᠡ ᠨᠥᠯᠥᠭᠡ ᠦᠵᠡᠭᠦᠯᠦᠨ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠨ᠂ ᠵᠠᠮ ᠳᠡᠭᠡᠷ᠎ᠡ ᠮᠦᠰᠦ ᠴᠠᠰᠤ ᠶᠢ ᠴᠡᠪᠡᠷᠯᠡᠬᠦ ᠠᠵᠢᠯ ᠢ ᠴᠠᠭ ᠲᠤᠬᠠᠢ  ᠳᠤᠨᠢ ᠬᠢᠬᠦ ᠬᠡᠷᠡᠭᠲᠡᠢ᠃ ᠪᠦᠬᠦ ᠬᠤᠰᠢᠭᠤᠨ ᠳᠤ 6 ᠳᠡᠰ ᠠᠴᠠ ᠳᠡᠭᠡᠭᠰᠢ ᠰᠠᠯᠬᠢ ᠰᠠᠯᠬᠢᠯᠠᠵᠤ᠂ ᠬᠡᠰᠡᠭ ᠲᠡᠭᠡᠨ 10 ᠳᠡᠰ ᠢ ᠳᠠᠪᠠᠵᠤ᠂ ᠰᠠᠯᠬᠢᠨ ᠠᠴᠠ ᠪᠣᠯᠵᠤ ᠭᠠᠮᠰᠢᠭ ᠡᠭᠦᠰᠬᠦ ᠪᠣᠯᠣᠯᠴᠠᠭ᠎ᠠ ᠲᠠᠢ᠂ ᠲᠦᠷ ᠴᠠᠭ ᠤᠨ ᠪᠠᠷᠢᠯᠭ᠎ᠠ᠂ ᠪᠠᠷᠢᠯᠭ᠎ᠠ ᠶᠢᠨ ᠬᠠᠰᠢᠶ᠎ᠠ ᠰᠠᠷᠠᠪᠴᠢ᠂ ᠲᠥᠬᠦᠭᠡᠷᠦᠮᠵᠢᠲᠦ ᠲᠠᠷᠢᠶᠠᠯᠠᠩ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢ ᠰᠠᠯᠬᠢᠨ ᠠᠴᠠ ᠰᠡᠷᠭᠡᠶᠢᠯᠡᠵᠦ ᠪᠠᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠭᠠᠷ ᠤᠨ ᠳᠤᠯᠠᠭᠠᠨ ᠳᠣᠷᠣᠭᠰᠢᠯᠠᠬᠤ ᠨᠢ ᠮᠠᠯ ᠤᠨᠤᠭ᠎ᠠ᠂ ᠲᠥᠯ ᠲᠣᠰᠬᠤ ᠪᠠ ᠲᠦᠬᠦᠭᠡᠷᠦᠮᠵᠢᠲᠦ ᠲᠠᠷᠢᠶᠠᠯᠠᠩ ᠵᠡᠷᠭᠡ ᠳᠤ ᠠᠰᠢᠭ ᠦᠭᠡᠢ ᠨᠥᠯᠥᠭᠡ ᠲᠠᠢ ᠪᠣᠯᠬᠤᠷ᠂ ᠰᠡᠷᠭᠡᠶᠢᠯᠡᠬᠦ ᠠᠵᠢᠯ ᠢ ᠴᠢᠩᠭᠠᠳᠬᠠᠬᠤ ᠶᠢ ᠰᠠᠨᠠᠭᠤᠯᠵᠤ ᠪᠠᠶᠢᠨ᠎ᠠ᠃                     ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                            2025 ᠣᠨ ᠤ 4 ᠰᠠᠷ᠎ᠠ ᠶᠢᠨ 20 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ