ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ ︵2025.4.14 — 2025.4.20︶
ᠨᠡᠶᠢᠲᠡᠯᠡᠭᠰᠡᠨ ᠴᠠᠭ᠄
2025/4/21
      ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃      ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ      4 ᠰᠠᠷ᠎ᠠ ᠶᠢᠨ 15 ᠤ ᠡᠳᠦᠷ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠣᠭᠤᠷᠢᠨ ᠳᠤ ᠲᠤᠰᠬᠠᠢ ᠰᠡᠳᠦᠪᠲᠦ ᠶᠠᠷᠢᠯᠴᠠᠭ᠎ᠠ ᠥᠷᠨᠢᠭᠦᠯᠪᠡ᠃      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 107 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 10 ᠳ᠋ᠤᠭᠠᠷ ᠤᠳᠠᠭᠠᠨ ᠤ ᠬᠤᠷᠠᠯ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠬᠤᠷᠠᠯᠳᠤᠪᠠ      4 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 107 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 10 ᠳ᠋ᠤᠭᠠᠷ ᠤᠳᠠᠭᠠᠨ ᠤ ᠬᠤᠷᠠᠯ᠂ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠢᠭᠠᠪᠤᠷᠢ᠂ ᠵᠣᠬᠢᠶᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠠᠮᠢᠶ᠎ᠠ ᠪᠥᠬᠦᠶ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠬᠤᠰᠢᠭᠤᠨ ᠤ ᠲᠣᠰ ᠱᠠᠲᠤᠨ ᠤ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠡᠷᠭᠡ ᠵᠦᠢᠯᠡᠰ ᠢ ᠬᠢᠨᠠᠨ ᠵᠥᠪᠯᠡᠪᠡ᠃      ᠰᠢᠨ᠎ᠡ ᠪᠠᠷᠭᠤ ᠪᠠᠷᠠᠭᠤᠨ ᠬᠤᠰᠢᠭᠤ ᠠᠷᠪᠠᠳᠠᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ      2025 ᠣᠨ ᠤ 4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠠᠷᠪᠠᠳᠠᠬᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠂ ᠥᠨᠥ ᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ︾ ᠪᠣᠯᠣᠨ᠎ᠠ᠃ ᠲᠤᠬᠠᠶ ᠶᠢᠨ ᠡᠳᠦᠷ᠂ ᠮᠠᠨ ᠤ ᠬᠤᠰᠢᠭᠤ ᠠᠷᠪᠠᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠬᠡᠪ ᠪᠣᠯᠪᠠᠰᠤᠷᠠᠯ ᠪᠠ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ᠪᠦᠬᠡᠪᠠᠶᠠᠷ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ 2025 ᠣᠨ ᠠᠴᠠ ᠨᠠᠰᠢᠬᠢ ᠪᠥᠬᠦ ᠬᠤᠰᠢᠭᠤᠨ ᠤ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠮᠡᠳᠡᠭᠳᠡᠵᠦ᠂ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠦᠬᠡᠪᠠᠶᠠᠷ ᠠᠵᠤ ᠦᠢᠯᠡᠳᠪᠦᠷᠢ ᠪᠠᠷ ᠮᠠᠯ ᠠᠵᠤ ᠠᠬᠤᠢ ᠶᠢ ᠲᠡᠳᠬᠦᠬᠦ᠂ ︽ᠮᠠᠩᠯᠠᠢ 2.0︾ ᠲᠡᠰ ᠳᠡᠪᠰᠢᠭᠦᠯᠬᠦ ᠵᠠᠭᠪᠤᠷ ᠢ ᠠᠬᠢᠭᠤᠯᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ      4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠡᠷᠦᠯᠦᠨ ᠰᠤᠮᠤ ᠶᠢᠨ ᠮᠠᠩᠯᠠᠶ ᠭᠠᠴᠠᠭ᠎ᠠ ᠳᠤ ᠭᠦᠨᠵᠡᠭᠡᠶᠢᠷᠡᠨ ᠠᠵᠤ ᠦᠢᠯᠡᠳᠪᠦᠷᠢ ᠪᠠᠷ ᠮᠠᠯ ᠠᠵᠤ ᠠᠬᠤᠶ ᠶᠢ ᠲᠡᠳᠬᠦᠬᠦ᠂ ︽ᠮᠠᠩᠯᠠᠶ ᠶᠢᠨ ᠵᠠᠭᠪᠤᠷ 2.0︾ ᠲᠠᠰ ᠳᠡᠪᠰᠢᠭᠦᠯᠬᠦ ᠵᠠᠭᠪᠤᠷ ᠢ ᠠᠬᠢᠭᠤᠯᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠰᠢᠨ᠎ᠡ ᠪᠠᠷᠭᠤ ᠪᠠᠷᠠᠭᠤᠨ ᠬᠤᠰᠢᠭᠤ ︽ᠭᠠᠯ ᠤᠨ ᠠᠶᠤᠯ ᠢ ᠰᠡᠷᠭᠡᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ      4 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ︽ᠭᠠᠯ ᠤᠨ ᠠᠶᠤᠯ ᠢ ᠰᠡᠷᠭᠡᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠪᠥᠬᠦ ᠠᠷᠠᠳ ᠣᠷᠣᠯᠴᠠᠬᠤ ᠬᠡᠯᠪᠡᠷᠢ ᠪᠠᠷ ᠳᠠᠮᠵᠢᠨ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠵᠤ᠂ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ