ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/21
      2025 ᠣᠨ ᠤ 4 ᠰᠠᠷ᠎ᠠ ᠶᠢᠨ 15 - 21 ᠤ ᠡᠳᠦᠷ ᠪᠣᠯ 31 ᠳ᠋ᠦ᠋ᠭᠡᠷ ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠪᠣᠯᠤᠨ᠎ᠠ᠃ ᠡᠨᠡ ᠵᠢᠯ ᠤᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠪᠣᠯ ︽ᠥᠮᠡᠨ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠷᠡᠭᠦᠯ ᠴᠢᠭᠢᠷᠠᠭ ᠠᠮᠢᠳᠤᠷᠠᠶ᠎ᠠ︾ ᠪᠣᠯᠤᠨ᠎ᠠ᠂ ᠡᠭᠦᠨ ᠤ ᠵᠣᠷᠢᠯᠭ᠎ᠠ ᠨᠢ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ — ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2021 - 2030 ᠣᠨ︶︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠥᠮᠡᠨ ᠡᠪᠡᠳᠴᠢᠨ ᠤ ᠲᠦᠭᠰᠢᠭᠦᠷᠢ ᠶᠢᠨ ᠬᠦᠴᠦᠨ ᠵᠦᠶ᠋ᠯ ᠢ ᠬᠢᠵᠠᠭᠠᠷᠯᠠᠬᠤ ᠶᠢᠨ ᠲᠥᠯᠥᠭᠡ ᠶᠤᠮ᠃
4.21疾控1.png
      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠨᠠᠩ ᠰᠠᠶᠢᠨ ᠥᠷᠨᠢᠭᠦᠯᠵᠦ᠂ ᠠᠷᠠᠳ ᠣᠯᠠᠨ ᠤ ᠥᠮᠡᠨ ᠢ ᠰᠡᠷᠭᠡᠶᠢᠯᠡᠬᠦ ᠤᠬᠠᠮᠰᠠᠷ ᠵᠢᠴᠢ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠬᠠᠭᠤᠯᠭ᠎ᠠ ᠶᠢᠨ ᠭᠠᠷᠠᠭ ᠢᠶᠠᠷ ᠠᠵᠠ ᠲᠣᠬᠢᠶᠠᠯ ᠪᠣᠯᠭᠠᠵᠤ᠂ ᠣᠶᠢᠷ᠎ᠠ ᠶᠢᠨ ᠡᠳᠦᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
4.21疾控2.png
      ᠲᠣᠰ ᠤᠳᠠᠭᠠᠨ ᠤ ᠤᠬᠠᠭᠤᠯᠭ᠎ᠠ ᠶᠢ ᠵᠠᠷᠯᠠᠨ ᠮᠡᠳᠡᠭᠳᠡᠬᠦ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠡᠷᠡᠭᠰᠡᠯ ᠵᠡᠷᠭᠡ ᠠᠷᠭ᠎ᠠ ᠮᠠᠶ᠋ᠢᠭ ᠢᠶᠠᠷ ᠥᠮᠡᠨ ᠢ ᠰᠡᠷᠭᠡᠶᠢᠯᠡᠬᠦ ᠤᠬᠠᠭᠤᠯᠭ᠎ᠠ ᠶᠢ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ᠂ ᠬᠡᠷ ᠪᠦᠯᠢ ᠳᠤ ᠣᠷᠣᠭᠤᠯᠪᠠ᠃ ᠤᠬᠠᠭᠤᠯᠭ᠎ᠠ ᠶᠢᠨ ᠳᠡᠪᠲᠡᠷ ᠪᠠ ᠤᠬᠠᠭᠤᠯᠭ᠎ᠠ ᠶᠢᠨ ᠬᠡᠷᠡᠭᠰᠡᠯ ᠢ ᠨᠡᠶᠢᠲᠡ 150 ᠬᠤᠪᠢ᠂ ᠤᠬᠠᠭᠤᠯᠭ᠎ᠠ ᠶᠢᠨ ᠵᠠᠷᠯᠠᠯ 3 ᠬᠤᠪᠢ ᠲᠠᠷᠬᠠᠭᠠᠪᠠ᠃
4.21疾控3.png
      ᠳᠠᠷᠠᠭᠠᠴᠢ ᠶᠢᠨ ᠠᠯᠬᠤᠮ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠶᠤᠯ ᠲᠦᠭᠰᠢᠭᠦᠷᠢ ᠶᠡᠬᠡᠲᠡᠶ ᠬᠥᠮᠦᠰ ᠤᠨ ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ ᠡᠷᠲᠡ ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ᠃ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠠᠮᠢᠳᠤᠷᠠᠯ ᠢ ᠪᠠᠲᠤᠯᠠᠬᠤ ᠶᠢᠨ ᠲᠥᠯᠥᠭᠡ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ