ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠦᠷᠨᠢᠭᠦᠯᠵᠦ ᠪᠣᠢ
ᠨᠡᠶᠢᠲᠡᠯᠡᠭᠰᠡᠨ ᠴᠠᠭ᠄
2025/4/21
      2025 ᠣᠨ ᠤ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠡᠬᠡ ᠭᠠᠵᠠᠷ ᠰᠡᠷᠭᠦᠬᠦ᠂ ᠬᠤᠯᠤᠭᠠᠨ᠎ᠠ ᠶᠢᠨ ᠲᠥᠷᠥᠯ ᠤᠨ ᠠᠵᠢᠯᠯᠠᠭ᠎ᠠ ᠡᠳᠦᠷ ᠢᠷᠡᠬᠦᠶ᠎ᠡ ᠣᠯᠠᠰᠢᠷᠠᠬᠤ ᠶᠢ ᠳᠠᠭᠠᠯᠳᠤᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠨ ᠠᠪᠴᠢᠷᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠠᠰᠤᠭ ᠳᠡᠭᠡᠳᠦ ᠱᠠᠲᠤᠨ ᠤ ᠤᠷᠢᠶᠠᠯᠠᠭ᠎ᠠ ᠶᠢ ᠦᠳᠲᠡᠷ ᠲᠦᠷᠭᠡᠨ ᠳᠠᠭᠠᠵᠤ᠂ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃
4.21踏查2.png
      ᠪᠠᠶᠢᠴᠠᠭᠠᠬᠤ ᠳᠤᠭᠤᠶᠢᠯᠠᠩ ᠤᠨ ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠬᠥᠮᠦᠨ ᠠᠮᠠ ᠨᠢᠭᠲᠠᠷᠠᠭᠰᠠᠨ᠂ ᠵᠠᠮ ᠬᠠᠷᠢᠯᠴᠠᠭᠠᠨ ᠤ ᠴᠢᠬᠤᠯᠠ ᠵᠠᠮ᠂ ᠦᠢᠯᠡᠳᠪᠦᠷᠢ ᠠᠭᠤᠷᠬᠠᠶ ᠵᠡᠷᠭᠡ ᠬᠤᠯᠤᠭᠠᠨ᠎ᠠ ᠶᠢᠨ ᠲᠥᠷᠥᠯ ᠤᠨ ᠠᠵᠢᠯᠯᠠᠭ᠎ᠠ ᠣᠯᠠᠨ ᠪᠠᠶᠢᠭ᠎ᠠ ᠣᠷᠣᠨ ᠪᠦᠰᠡ ᠶᠢ ᠪᠠᠶᠢᠴᠠᠭᠠᠬᠤ ᠭᠠᠵᠠᠷ ᠣᠷᠣᠨ ᠪᠣᠯᠭᠠᠵᠤ᠂ ᠭᠤᠤᠯᠳᠠᠯᠭ᠎ᠠ ᠲᠠᠢ ᠭᠠᠵᠠᠷ ᠣᠷᠣᠨ ᠨᠢᠭᠡᠪᠦᠷᠢ ᠶᠢ ᠨᠠᠷᠢᠨ ᠨᠢᠮᠪᠠᠶ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠥᠬᠡᠶ᠂ ᠥᠴᠦᠬᠡᠨ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠥᠭᠦᠭᠰᠡᠨ ᠬᠤᠯᠤᠭᠠᠨ᠎ᠠ ᠶᠢ ᠪᠥᠬᠦ ᠲᠠᠯ᠎ᠠ ᠪᠠᠷ ᠨᠡᠩᠵᠢᠪᠡ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠰᠠ ᠡᠷᠦᠬᠡ ᠳᠤ ᠬᠦᠷᠴᠦ ᠤᠬᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠷᠬᠢᠨ ᠲᠣᠭᠤᠷᠢᠨ ᠤ ᠮᠠᠯᠴᠢᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠮᠠᠯᠴᠢᠳ ᠤᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃      ᠪᠠᠶᠢᠴᠠᠭᠠᠯᠲᠠ ᠪᠠᠷ ᠳᠡᠮᠵᠢᠨ᠂ ᠣᠳᠣᠬᠠᠨ ᠪᠣᠯᠲᠠᠯ᠎ᠠ᠂ ᠬᠥᠳᠡᠯᠭᠡᠭᠡᠨ ᠤ ᠰᠢᠨᠵᠢ ᠪᠠᠶᠢᠳᠠᠯ ᠢᠯᠡᠷᠡᠭᠰᠡᠨ ᠬᠤᠯᠤᠭᠠᠨ᠎ᠠ ᠶᠢᠨ ᠨᠦᠬᠡ ᠶᠢ ᠲᠦᠷ ᠣᠯᠵᠤ ᠮᠡᠳᠡᠭᠰᠡᠨ ᠥᠬᠡᠶ ᠪᠥᠭᠡᠳ ᠥᠪᠡᠷ ᠢᠶᠠᠨ ᠦᠬᠦᠭᠰᠡᠨ ᠬᠤᠯᠤᠭᠠᠨ᠎ᠠ ᠶᠢ ᠴᠤ ᠣᠯᠵᠤ ᠮᠡᠳᠡᠭᠰᠡᠨ ᠥᠬᠡᠶ᠃ ᠭᠡᠪᠡᠴᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠵᠤ ᠪᠣᠯᠬᠤ ᠦᠭᠡᠶ᠃ ᠬᠤᠯᠤᠭᠠᠨ᠎ᠠ ᠶᠢᠨ ᠬᠢᠵᠢᠭ ᠨᠢ ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠨᠢᠭᠡ ᠵᠦᠢᠯ ᠤᠨ ᠬᠠᠯᠳᠠᠪᠤᠷᠢᠲᠤ ᠡᠪᠡᠳᠴᠢᠨ ᠪᠣᠯᠤᠭᠰᠠᠨ ᠤ ᠬᠤᠪᠢ ᠳᠤ᠂ ᠲᠦᠢᠯ ᠤᠨ ᠪᠠᠭ᠎ᠠ ᠠᠶᠤᠯ ᠲᠦᠭᠰᠢᠭᠦᠷᠢ ᠲᠠᠢ ᠴᠤ ᠭᠡᠰᠡᠨ ᠬᠦᠨᠳᠦ ᠨᠣᠴᠢᠲᠠᠶ ᠦᠷ᠎ᠡ ᠳ᠋ᠦᠩ ᠭᠠᠷᠭᠠᠵᠤ ᠮᠡᠳᠡᠨ᠎ᠡ᠃      ᠲᠠᠷᠠᠭᠠᠴᠢ ᠶᠢᠨ ᠠᠯᠬᠤᠮ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠦᠷᠭᠦᠯᠵᠢᠯᠡᠨ ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠤᠯᠤᠭᠠᠨ᠎ᠠ ᠶᠢᠨ ᠬᠢᠵᠢᠭ ᠢ ᠪᠠᠶᠢᠴᠠᠭᠠᠬᠤ ᠠᠵᠢᠯ ᠢ ᠥᠷᠨᠢᠭᠦᠯᠵᠦ᠂ ᠳᠠᠯᠳᠠ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠤᠷᠢᠯᠡᠨ᠎ᠡ᠃ ᠡᠭᠦᠨ ᠤ ᠬᠠᠮᠲᠤ᠂ ᠣᠯᠠᠨ ᠠᠷᠭ᠎ᠠ ᠵᠠᠮ ᠢᠶᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠤᠢᠭᠡᠢ ᠨᠡᠮᠡᠭᠳᠡᠬᠦᠯᠪᠡ᠃ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠮᠢᠳᠤᠯᠢᠭ ᠢᠶᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ