ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠢ ᠠᠬᠤᠶ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
      ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠤ᠂ ᠪᠦᠬᠦ ᠨᠡᠶᠢᠭᠡᠮ ᠪᠠ ᠣᠯᠠᠨ ᠲᠦᠮᠡᠨ ᠤ ᠭᠠᠯ ᠢ ᠰᠡᠷᠭᠡᠶᠢᠯᠡᠨ ᠭᠠᠯ ᠤᠨᠲᠠᠷᠠᠭᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠮᠢ ᠠᠬᠤᠢ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠭᠤᠯ ᠢ ᠪᠣᠢ ᠪᠣᠯᠭᠠᠬᠤ ᠶᠢᠨ ᠲᠤᠰᠠᠳᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠭᠠᠯ ᠤᠨ ᠠᠶᠤᠯ ᠢ ᠰᠡᠷᠭᠡᠶᠢᠯᠡᠬᠦ᠂ ᠠᠮᠢ ᠨᠠᠰᠤ ᠶᠢ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃
4.21公安局2.jpg
      ᠠᠵᠢᠯᠯᠠᠭ᠎ᠠ ᠶᠢᠨ ᠲᠤᠬᠠᠶ ᠶᠢᠨ ᠡᠳᠦᠷ᠂ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ 2 ᠴᠠᠭᠳᠠᠭᠠᠨ ᠤ ᠲᠡᠷᠭᠡ ᠬᠥᠳᠡᠯᠭᠡᠨ᠂ ᠡᠯ᠎ᠡ ᠣᠷᠣᠯᠴᠠᠭᠰᠠᠨ ᠨᠢᠭᠡᠴᠡ ᠲᠠᠢ ᠬᠠᠮᠲᠤ ᠪᠠᠷ ᠤᠬᠠᠭᠤᠯᠭ᠎ᠠ ᠶᠢᠨ ᠲᠡᠷᠭᠡᠨ ᠤ ᠡᠩᠨᠡᠭᠡ ᠪᠠᠶᠢᠭᠤᠯᠪᠠ᠃ ᠡᠩ ᠲᠡᠷᠢᠭᠦᠨ ᠳᠤ ᠬᠠᠷᠢᠶ᠎ᠠ ᠣᠷᠣᠨ ᠤ ᠭᠤᠤᠯ ᠵᠡᠭᠡᠯᠢ ᠭᠤᠳᠤᠮᠵᠢ ᠵᠢᠴᠢ ᠬᠥᠮᠦᠨ ᠣᠯᠠᠨ ᠴᠤᠭᠯᠠᠷᠠᠬᠤ ᠭᠠᠵᠠᠷ ᠣᠷᠣᠨ ᠳᠤ ᠤᠬᠠᠭᠤᠯᠭ᠎ᠠ ᠥᠷᠨᠢᠭᠦᠯᠵᠦ᠂ ᠲᠡᠷᠭᠡᠨ ᠳᠡᠭᠡᠷ᠎ᠡ ᠨᠡᠪᠲᠡᠷᠡᠭᠦᠯᠭᠡ ᠬᠢᠬᠦ ᠪᠠᠷ ᠳᠠᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠢᠮ︾ ᠵᠡᠷᠭᠡ ᠤᠬᠠᠭᠤᠯᠭ᠎ᠠ ᠷᠠᠳᠢᠣ᠋ ᠨᠡᠪᠲᠡᠷᠡᠭᠦᠯᠭᠡ ᠶᠢ ᠳᠠᠬᠢᠨ ᠳᠠᠪᠲᠠᠨ ᠨᠡᠪᠲᠡᠷᠡᠭᠦᠯᠵᠦ᠂ ᠣᠯᠠᠨ ᠲᠦᠮᠡᠨ ᠤ ᠠᠩᠬᠠᠷᠤᠯ ᠢ ᠲᠠᠲᠠᠪᠠ᠃ ᠳᠠᠷᠠᠭ᠎ᠠ ᠨᠢ᠂ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠳᠤᠭᠤᠶᠢᠯᠠᠩ ᠬᠤᠪᠢᠶᠠᠨ ᠬᠡᠰᠡᠭ ᠳᠠᠭᠠᠭᠠᠴᠢᠯᠠᠬᠤ ᠠᠷᠭ᠎ᠠ ᠬᠡᠯᠪᠡᠷᠢ ᠶᠢ ᠠᠪᠴᠤ᠂ ᠠᠭᠤᠳᠠᠮ ᠲᠠᠯᠠᠪᠠᠶ᠂ ᠨᠡᠶᠢᠭᠡᠮ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠨ᠂ ᠣᠯᠠᠨ ᠲᠦᠮᠡᠨ ᠳᠤ ᠨᠠᠷᠢᠨ ᠨᠢᠮᠪᠠᠶ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠵᠢᠵᠢᠭ ᠶᠡᠷᠦ ᠶᠢᠨ ᠮᠡᠳᠡᠯᠭᠡ ᠶᠢ ᠨᠠᠷᠢᠨ ᠨᠢᠮᠪᠠᠶ ᠲᠠᠶᠢᠯᠪᠤᠷᠢᠯᠠᠪᠠ᠃ ᠲᠠᠶᠢᠯᠤᠮᠵᠢ ᠬᠢᠬᠦ ᠶᠠᠪᠤᠴᠠ ᠳᠤ᠂ ᠠᠷᠠᠳ ᠤᠨ ᠴᠠᠭᠳᠠᠭ᠎ᠠ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠭᠠᠯ ᠲᠦᠢᠮᠡᠷ ᠤᠨ ᠠᠮᠢ ᠠᠬᠤᠶ ᠣᠷᠴᠢᠨ ᠲᠣᠭᠤᠷᠢᠨ ᠪᠠ ᠠᠮᠢ ᠨᠠᠰᠤ ᠡᠳ᠋ ᠬᠥᠷᠥᠩᠭᠡ ᠳᠤ ᠦᠵᠡᠭᠦᠯᠬᠦ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠤ᠂ ᠥᠷᠭᠡᠨ ᠣᠯᠠᠨ ᠠᠷᠠᠳ ᠲᠦᠮᠡᠨ ᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠥᠬᠦᠶ ᠮᠡᠳᠡᠯᠭᠡ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃      ᠲᠣᠰ ᠤᠳᠠᠭᠠᠨ ᠤ ︽ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠪᠣᠯ ᠭᠠᠯ ᠢ ᠰᠡᠷᠭᠡᠶᠢᠯᠡᠬᠦ ᠬᠤᠭᠤᠴᠠᠭᠠᠨ ᠳᠤ ᠤᠷᠤᠭᠰᠠᠨ ᠤ ᠳᠠᠷᠠᠭᠠᠬᠢ ᠨᠢᠭᠡ ᠤᠳᠠᠭᠠᠨ ᠤ ᠶᠡᠭᠡ ᠬᠡᠪᠴᠢᠶᠡᠨ ᠤ ᠤᠬᠠᠭᠤᠯᠭ᠎ᠠ ᠪᠠ ᠰᠡᠷᠭᠡᠶᠢᠯᠡᠨ ᠡᠵᠡᠮᠳᠡᠬᠦ ᠠᠵᠢᠯᠯᠠᠭ᠎ᠠ ᠪᠠᠶᠢᠵᠤ᠂ ᠪᠥᠬᠦ ᠨᠡᠶᠢᠭᠡᠮ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠣᠷᠣᠯᠴᠠᠬᠤ ᠢᠳᠡᠪᠬᠢ ᠴᠢᠨᠠᠷ ᠪᠠ ᠰᠠᠨᠠᠭᠠᠴᠢᠯᠠᠭᠠᠲᠤ ᠴᠢᠨᠠᠷ ᠢ ᠬᠦᠴᠦᠲᠡᠶ ᠳᠡᠭᠡᠭᠰᠢᠯᠡᠭᠦᠯᠦᠨ᠂ ᠣᠯᠠᠨ ᠲᠦᠮᠡᠨ ᠤ ᠭᠠᠯ ᠢ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷᠲᠤ ᠴᠢᠨᠠᠷ ᠪᠠ ᠪᠥᠬᠦ ᠠᠷᠠᠳ ᠤᠨ ᠭᠠᠯ ᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠬᠦᠴᠦᠨ ᠴᠢᠳᠠᠯ ᠢᠶᠠᠨ ᠡᠷᠭᠦᠵᠦ᠂ ᠬᠤᠶᠢᠰᠢᠳᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠰᠠᠶᠢᠨ ᠰᠠᠶᠢᠬᠠᠨ ᠡᠬᠢᠯᠡᠯᠲᠡ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ