ᠠᠮᠢᠲᠠᠨ ᠤ ᠬᠢᠵᠢᠭ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ | ᠴᠢᠳᠠᠪᠬᠢ ᠪᠠᠨ ᠢᠳᠡᠪᠬᠢᠲᠡᠶ ᠭᠦᠢᠴᠡᠳᠬᠡᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠥᠷᠢ ᠮᠥᠩᠭᠦ ᠶᠢ ᠴᠠᠭ ᠲᠤᠬᠠᠶ ᠳᠤᠨᠢ 160.14 ᠲᠦᠮᠡᠨ ᠲᠥᠭᠦᠷᠢᠭ | ᠪᠠᠭᠤᠯᠭᠠᠪᠠ᠃ | ᠲᠣᠰ ᠤᠳᠠᠭ᠎ᠠ ᠰᠠᠯᠭᠠᠨ ᠥᠭᠭᠦᠭᠰᠡᠨ ᠪᠡᠯᠡ ᠮᠥᠩᠭᠦ ᠶᠢ ᠠᠮᠢᠲᠠᠨ ᠤ ᠬᠢᠵᠢᠭ ᠲᠤ ᠠᠯᠪᠠᠳᠠᠯᠭ᠎ᠠ ᠪᠠᠷ ᠦᠯᠦ ᠬᠠᠯᠳᠠᠭᠠᠬᠤ ᠶᠢ ᠳᠡᠮᠵᠢᠬᠦ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠵᠢᠴᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠡᠷᠡᠭᠯᠡᠵᠦ᠂ ᠠᠮᠢᠲᠠᠨ ᠤ ᠬᠢᠵᠢᠭ ᠢ | ᠰᠡᠷᠭᠡᠶᠢᠯᠡᠬᠦ ᠴᠠᠯᠢᠩ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠤᠨ ᠲᠦᠭᠰᠢᠭᠦᠷᠢ ᠶᠢ ᠪᠠᠭᠠᠰᠬᠠᠵᠤ᠂ ᠮᠠᠯᠵᠢᠬᠤ | ᠡᠷᠦᠬᠡ ᠶᠢᠨ ᠠᠵᠤ ᠠᠬᠤᠢ ᠶᠢᠨ ᠠᠰᠢᠭ ᠲᠤᠰᠠ ᠪᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠦᠨᠡᠨᠬᠦ ᠬᠠᠮᠠᠭᠠᠯᠠᠬᠤ ᠶᠢᠨ ᠲᠥᠯᠥᠭᠡ ᠶᠤᠮ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠮᠢᠲᠠᠨ ᠤ ᠬᠢᠵᠢᠭ ᠢ ᠰᠡᠷᠭᠡᠢᠯᠡᠬᠦ ᠨᠥᠬᠦᠪᠥᠷᠢ ᠮᠦᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠲᠤᠰᠬᠠᠢ ᠮᠦᠩᠭᠦ ᠶᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠶᠢᠨ ᠬᠠᠮᠲᠤ᠂ ᠠᠮᠢᠲᠠᠨ ᠤ ᠬᠢᠵᠢᠭ ᠢ ᠰᠡᠷᠭᠡᠢᠯᠡᠬᠦ ᠠᠵᠢᠯ ᠲᠠᠢ | ᠨᠢᠭᠲᠠ ᠬᠤᠯᠪᠣᠭᠳᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠬᠠᠮᠵᠢᠯᠴᠠᠵᠤ᠂ ᠮᠠᠯ ᠠᠵᠤ ᠠᠬᠤᠢ ᠶᠢᠨ ᠲᠣᠭᠲᠠᠭᠤᠨ ᠬᠥᠭᠵᠢᠯᠲᠡ ᠳᠤ ᠪᠠᠲᠤ ᠪᠠᠬᠢ | ᠡᠳ᠋ ᠤᠨ ᠵᠠᠰᠠᠭ ᠤᠨ ᠪᠠᠲᠤᠯᠠᠭ᠎ᠠ ᠬᠠᠩᠭᠠᠨ᠎ᠠ᠃ | | | |