ᠲᠥᠪ ᠤᠨ ᠨᠠᠢᠮᠠᠨ ᠲᠣᠭᠲᠠᠭᠠᠯ ᠤᠨ ᠵᠤᠷᠪᠤᠰ ᠨᠢᠭᠡᠪᠦᠷᠢ ᠨᠢ ᠴᠥᠮ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠨᠠᠷᠢᠨ ᠵᠦᠢᠯᠡᠰ ᠠᠴᠠ ᠭᠠᠷᠳᠠᠵᠤ᠂ ᠡᠳᠦᠷ ᠳᠤᠳᠤᠮ ᠤᠨ ᠳᠤᠮᠳᠠ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠷᠲᠡ ᠠᠴᠠ ᠠᠳᠬᠤᠵᠤ ᠪᠠᠭ᠎ᠠ ᠲᠡᠭᠡᠷ᠎ᠠ ᠨᠢ ᠠᠳᠬᠤᠬᠤ᠂ ᠪᠠᠭ᠎ᠠ ᠲᠡᠭᠡᠷ᠎ᠠ ᠨᠢ ᠰᠡᠷᠭᠡᠶᠢᠯᠡᠬᠦ ᠶᠢ ᠪᠠᠷᠢᠮᠲᠠᠯᠠᠵᠤ᠂ | ᠺᠠᠳ᠋ᠷ ᠤᠨ ᠪᠡᠶ᠎ᠡ ᠳᠡᠭᠡᠷ᠎ᠡ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢᠯᠡᠷᠡᠪᠡᠯ ᠴᠠᠭ ᠲᠤᠬᠠᠢ ᠳᠤᠨᠢ ᠴᠢᠷᠠᠢ ᠶᠢ ᠨᠢ ᠤᠯᠠᠶᠢᠯᠭᠠᠨ | ᠪᠤᠷᠤᠭᠤ ᠶᠢ ᠨᠢ ᠲᠠᠨᠢᠭᠤᠯᠵᠤ᠂ ᠰᠠᠨᠠᠭᠤᠯᠤᠨ ᠬᠠᠪᠰᠤᠷᠴᠤ᠂ ᠪᠠᠭ᠎ᠠ ᠠᠰᠠᠭᠤᠳᠠᠯ ᠨᠢ ᠶᠡᠭᠡ ᠠᠰᠠᠭᠤᠳᠠᠯ ᠪᠤᠯᠵᠤ᠂ ᠪᠠᠭ᠎ᠠ ᠠᠯᠳᠠᠭ᠎ᠠ ᠠᠴᠠ ᠶᠡᠭᠡ ᠤᠷᠰᠢᠭ ᠲᠡᠳᠠᠬᠤ ᠶᠢ | ᠰᠡᠷᠭᠡᠶᠢᠯᠡᠬᠦ ᠳᠤ ᠠᠰᠢᠭᠲᠠᠢ ᠶᠤᠮ᠃ | ᠰᠢᠨ᠎ᠡ ᠴᠠᠭ ᠦᠶ᠎ᠡ ᠳᠤ ᠤᠷᠤᠬᠰᠡᠨ ᠠᠴᠠ ᠨᠠᠭᠠᠰᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠠᠭ᠎ᠠ ᠶᠠᠪᠤᠳᠠᠯ ᠠᠴᠠ ᠭᠠᠷᠳᠠᠵᠤ᠂ ᠬᠡᠮ | ᠰᠣᠭᠤᠭ ᠢ ᠨᠢᠭᠡᠳ ᠨᠢᠭᠡ ᠪᠠᠷ ᠵᠠᠯᠠᠷᠠᠭᠤᠯᠬᠤ᠂ ᠠᠰᠠᠭᠤᠳᠠᠯ ᠢ ᠨᠢᠭᠡᠳ ᠨᠢᠭᠡ ᠪᠠᠷ ᠰᠢᠪᠲᠤᠯᠬᠤ ᠶᠢ ᠪᠠᠷᠢᠮᠲᠠᠯᠠᠵᠤ᠂ ︽ᠰᠤᠷᠳᠠᠯ ᠢ ᠪᠠᠶᠢᠴᠠᠭᠠᠨ ᠰᠶᠢᠳᠪᠤᠷᠢᠯᠡᠬᠦ ᠪᠠᠷ | ᠳᠠᠮᠵᠢᠭᠤᠯᠤᠨ ᠢᠯᠵᠢᠷᠡᠯ ᠢ ᠪᠠᠶᠢᠴᠠᠭᠠᠬᠤ︾ ᠪᠦᠭᠡᠳ ᠪᠠᠰᠠ ︽ᠢᠯᠵᠢᠷᠡᠯ ᠢ ᠪᠠᠶᠢᠴᠠᠭᠠᠨ ᠰᠶᠢᠳᠪᠤᠷᠢᠯᠡᠬᠦ ᠳᠡᠭᠡᠨ ᠲᠦᠪ ᠪᠤᠰᠤ ᠰᠤᠷᠳᠠᠯ ᠢ ᠵᠠᠯᠠᠷᠠᠭᠤᠯᠬᠤ︾ ᠶᠢ | ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠪᠠ | ᠃ | ᠵᠠᠷᠢᠮ ᠪᠤᠷᠤᠭᠤ ᠲᠠᠨᠢᠯᠲᠠ ᠮᠥᠨ ᠣᠷᠣᠰᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠵᠠᠯᠠᠷᠠᠭᠤᠯᠤᠨ ᠵᠠᠰᠠᠬᠤ ᠳᠤ ᠮᠥᠨ ᠬᠦ ᠪᠠᠯᠠᠷᠬᠠᠶ ᠲᠠᠨᠢᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ | ᠵᠢᠱᠢᠶᠡᠯᠡᠪᠡᠯ᠂ ᠵᠠᠷᠢᠮ ᠨᠢ ᠨᠢᠭᠡ ᠨᠤᠲᠤᠭ ᠤᠨ ᠬᠢᠨ᠂ ᠬᠠᠮᠲᠤ ᠰᠤᠷᠤᠭᠴᠢ᠂ ᠬᠠᠮᠲᠤ ᠠᠵᠢᠯᠯᠠᠬᠴᠢ᠂ ᠠᠵᠢᠯ ᠨᠢᠭᠡᠲᠡᠨ ᠲᠠᠢ ᠪᠠᠨ ᠠᠷᠢᠬᠢ ᠤᠤᠭᠤᠬᠤ ᠪᠣᠯ ᠬᠦᠮᠦᠨ | ᠪᠠᠶᠢᠬᠤ ᠶᠢᠨ ᠶᠤᠰᠤ ᠵᠦᠢ ᠮᠥᠨ ᠭᠡᠵᠦ ᠦᠵᠡᠭᠡᠳ᠂ ᠡᠴᠦᠰ ᠲᠡᠭᠡᠨ ᠨᠢᠭᠤᠷ ᠲᠠᠯ᠎ᠠ ᠶᠢ ᠪᠤᠳᠤᠵᠤ ᠪᠤᠰᠤᠳ ᠲᠤ ᠶᠠᠪᠤᠳᠠᠯ ᠰᠶᠢᠳᠪᠤᠷᠢᠯᠡᠵᠤ ᠦᠭᠳᠡᠭ︔ ᠵᠠᠷᠢᠮ ᠨᠢ | ᠪᠠᠶᠢᠳᠠᠯ ᠤᠨ ᠲᠤᠬᠠᠢ ᠰᠣᠬᠤᠷ ᠪᠠᠯᠠᠢ ᠪᠠᠷ ᠪᠠᠶᠠᠷᠯᠠᠵᠤ᠂ ᠰᠤᠷᠲᠠᠯ ᠤᠨ ᠪᠠᠶᠢᠭᠤᠯᠤᠯᠲᠠ ᠶᠢ ᠡᠷᠴᠢ ᠪᠠᠨ ᠰᠤᠯᠠᠷᠠᠭᠤᠯᠵᠤ᠂ ᠠᠮᠠᠷᠠᠵᠤ ᠰᠠᠭᠤᠵᠤ ᠪᠣᠯᠤᠨ᠎ᠠ ᠭᠡᠵᠦ | ᠦᠵᠡᠳᠡᠭ᠃ ᠦᠨᠡᠨ ᠳᠡᠭᠡᠨ᠂ ᠨᠢᠭᠡ ᠬᠥᠮᠦᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠰᠤᠯᠠᠷᠠᠬᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ | ᠠᠯᠳᠠᠭᠳᠠᠬᠤ ᠨᠢ ᠶᠡᠷᠦ ᠨᠢ ᠨᠠᠷᠢᠨ ᠵᠦᠢᠯᠡᠰ ᠪᠠ ᠪᠤᠷᠤᠭᠤ ᠲᠠᠨᠢᠯᠲᠠ ᠠᠴᠠ ᠡᠬᠢᠯᠡᠳᠡᠭ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠭᠠᠵᠢᠭᠤ | ᠪᠤᠷᠤᠭᠤ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠬᠡᠪ ᠰᠤᠷᠲᠠᠯ ᠢ ᠵᠠᠰᠠᠨ ᠵᠠᠯᠠᠷᠠᠭᠤᠯᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠬᠤ ᠴᠢᠬᠤᠯᠠᠲᠠᠢ ᠶᠤᠮ᠃ | ᠵᠠᠷᠢᠮ ᠨᠠᠮ ᠤᠨ ᠭᠡᠰᠢᠭᠦᠨ ᠺᠠᠳ᠋ᠷᠴᠤᠳ ︽ᠰᠠᠬᠢᠯᠭ᠎ᠠ ᠪᠠᠲᠤ ᠶᠢ ᠡᠪᠳᠡᠬᠦ︾ ᠳᠡᠭᠡᠨ ᠣᠯᠠᠩᠬᠢ ᠳᠠᠭᠠᠨ ᠦᠵᠡᠯ ᠰᠠᠨᠠᠭᠠᠨ ᠤ ︽ᠰᠡᠷᠭᠡᠶᠢᠯᠡᠯᠲᠡ ᠶᠢ ᠡᠪᠳᠡᠬᠦ︾ | ᠠᠴᠠ ᠡᠬᠢᠯᠡᠳᠡᠭ᠃ ᠡᠷᠲᠡ ᠠᠴᠠ ᠠᠳᠬᠤᠵᠤ ᠪᠠᠭ᠎ᠠ ᠲᠡᠭᠡᠷ᠎ᠠ ᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠦᠨᠳᠦᠰᠦᠨ ᠵᠦᠢᠯ ᠢ ᠪᠠᠬᠢᠵᠢᠭᠦᠯᠬᠦ ᠳᠡᠭᠡᠷ᠎ᠡ | ᠬᠦᠴᠦ ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ᠂ ᠶᠣᠰᠣ ᠮᠣᠷᠠᠯ ᠤᠨ ᠲᠦᠪᠰᠢᠨ ᠨᠢ ᠨᠠᠮ ᠳᠤ ᠡᠯᠰᠡᠭᠳᠡᠭᠰᠡᠨ | ᠨᠠᠰᠤᠨ ᠤ ᠨᠡᠮᠡᠭᠳᠡᠬᠦ ᠪᠠ ᠲᠤᠰᠢᠶᠠᠯ ᠳᠡᠪᠰᠢᠬᠦ ᠶᠢᠨ ᠳᠠᠭᠠᠤ ᠠᠶᠠᠨᠳᠠᠭᠠᠨ ᠳᠡᠭᠡᠭᠰᠢᠯᠡᠬᠦ ᠪᠢᠰᠢ ᠶᠤᠮ᠃ ᠲᠤᠰᠢᠶᠠᠯ ᠤᠨ ᠪᠠᠶᠢᠷᠢ ᠤᠯᠠᠮ ᠥᠨᠳᠥᠷ᠂ ᠠᠵᠢᠯᠯᠠᠬᠤ ᠴᠠᠭ | ᠤᠯᠠᠮ ᠤᠷᠲᠤ ᠪᠣᠯ᠂ ᠰᠡᠳᠭᠢᠯ ᠢᠶᠠᠨ ᠲᠥᠪ ᠪᠣᠯᠭᠠᠨ ᠪᠡᠶ᠎ᠡ ᠪᠠᠨ ᠵᠠᠰᠠᠬᠤ ᠶᠢ ᠤᠯᠠᠮ ᠴᠢᠩᠭᠠᠳᠬᠠᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠦᠷᠭᠦᠯᠵᠢ ︽ᠪᠡᠶ᠎ᠡ ᠪᠠᠨ ᠭᠤᠷᠪᠠᠨᠲᠠ ᠬᠢᠨᠠᠵᠤ︾᠂ | ᠢᠮᠠᠭᠲᠠ ᠪᠢᠰᠢᠷᠡᠨ ᠵᠢᠷᠦᠬᠡᠰᠢᠶᠡᠬᠦ ᠰᠡᠳᠭᠢᠯᠭᠡ ᠲᠠᠢ᠂ ᠡᠩ ᠤᠨ ᠰᠡᠳᠭᠢᠯ ᠲᠠᠢ᠂ ᠰᠡᠳᠭᠢᠯ ᠳᠡᠭᠡᠨ ᠬᠠᠤᠯᠢ ᠰᠠᠬᠢᠯᠭ᠎ᠠ ᠲᠠᠢ᠂ ᠵᠣᠬᠢᠶᠠᠨ ᠪᠠᠶᠢᠭᠤᠯᠤᠯᠲᠠ ᠲᠠᠢ᠂ ᠠᠷᠠᠳ | ᠲᠦᠮᠡᠨ ᠲᠠᠢ ᠪᠠᠶᠢᠪᠠᠯ ᠰᠠᠶ᠋ᠢ ︽ᠵᠢᠵᠢᠭ ᠰᠠᠵᠢᠭ ᠤᠴᠢᠷ︾ ᠲᠤ ᠳᠦᠷᠢᠮᠵᠢᠯ ᠢᠶᠠᠨ ᠠᠯᠳᠠᠬᠤ ᠦᠭᠡᠢ᠂ ︽ᠶᠡᠭᠡ ᠶᠣᠰᠣᠨ︾ ᠳᠤ ᠬᠡᠯᠪᠠᠶᠢᠬᠦ ᠦᠭᠡᠢ ᠪᠠᠶᠢᠵᠤ | ᠴᠢᠳᠠᠨ᠎ᠠ᠃ | ᠪᠠᠭ᠎ᠠ ᠲᠡᠭᠡᠷ᠎ᠠ ᠨᠢ ᠴᠠᠭᠠᠵᠠᠯᠠᠬᠤ ᠳᠤ ᠬᠢᠯᠪᠠᠷ᠂ ᠶᠡᠭᠡ ᠠᠯᠳᠠᠭ᠎ᠠ ᠭᠠᠷᠭᠠᠬᠰᠡᠨ ᠤ ᠲᠠᠷᠠᠭ᠎ᠠ ᠠᠪᠤᠷᠠᠬᠤ ᠳᠤ ᠬᠦᠴᠢᠷ ᠶᠤᠮ᠃ ᠪᠠᠭ᠎ᠠ ᠲᠡᠭᠡᠷ᠎ᠠ ᠨᠢ ᠠᠳᠬᠤᠵᠤ᠂ | ᠪᠠᠭ᠎ᠠ ᠲᠡᠭᠡᠷ᠎ᠠ ᠨᠢ ᠰᠡᠷᠭᠡᠶᠢᠯᠡᠵᠦ᠂ ᠢᠮᠠᠭᠲᠠ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠪᠠᠷᠢᠮᠲᠠᠯᠠᠬᠤ | ᠬᠡᠷᠡᠭᠲᠡᠢ᠃ ᠴᠢᠩᠭ᠎ᠠ ᠬᠠᠮᠢᠶᠠᠷᠬᠤ ᠪᠣᠯ ᠳᠠᠷᠤᠢ ᠺᠠᠳ᠋ᠷᠴᠤᠳ ᠲᠤ ᠦᠨᠡᠨ ᠬᠦ ᠬᠠᠷᠢᠭᠤᠴᠠᠵᠤ ᠪᠠᠶᠢᠭ᠎ᠠ ᠶᠠᠪᠤᠳᠠᠯ ᠮᠥᠨ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ | ᠶᠣᠰᠣ ᠲᠦᠷᠢᠮ ᠢ ᠲᠣᠳᠣᠷᠬᠠᠢ ᠪᠣᠯᠭᠠᠵᠤ᠂ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠯᠳᠠᠭ᠎ᠠ ᠪᠤᠷᠤᠭᠤ ᠪᠠᠨ | ᠵᠣᠷᠢᠭᠲᠠᠢ ᠵᠠᠯᠠᠷᠠᠭᠤᠯᠬᠤ ᠬᠡᠷᠡᠭᠲᠡᠢ᠃ ᠢᠯᠠᠩᠭᠤᠶ᠎ᠠ ᠵᠠᠯᠠᠭᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠬᠤ ᠪᠠᠨ ᠴᠢᠩᠭᠠᠳᠬᠠᠵᠤ᠂ ᠲᠡᠳᠡᠨ ᠢ ᠺᠠᠳ᠋ᠷ ᠤᠨ ᠡᠩᠨᠡᠭᠡ ᠳᠤ | ᠤᠷᠤᠭᠰᠠᠨ ᠡᠳᠦᠷ ᠠᠴᠠ ᠪᠠᠨ ᠡᠬᠢᠯᠡᠨ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠮᠡᠳᠡᠵᠦ᠂ | ᠬᠢᠵᠠᠭᠠᠷᠯᠠᠯ ᠲᠠᠢ ᠣᠷᠴᠢᠨ ᠨᠥᠬᠦᠴᠡᠯ ᠤᠨ ᠳᠣᠣᠷ᠎ᠠ ᠠᠵᠢᠯ ᠬᠢᠬᠦ ᠳᠠᠳᠬᠠᠯ ᠪᠠ ᠤᠬᠠᠮᠰᠠᠷ ᠲᠠᠢ ᠪᠣᠯᠭᠠᠬᠤ ᠬᠡᠷᠡᠭᠲᠡᠢ᠃ | ᠰᠠᠶᠢᠨ ᠰᠤᠷᠲᠠᠯ ᠤᠨ ᠪᠦᠷᠢᠯᠳᠦᠯ ᠨᠢ ᠤᠬᠤᠷᠬᠠᠨ ᠬᠤᠭᠤᠴᠠᠭᠠᠨ ᠤ ᠬᠢ ᠪᠤᠰᠤ ᠶᠤᠮ᠃ ᠪᠠᠶᠢᠩᠭᠤᠵᠢᠭᠤᠯᠤᠨ ᠠᠳᠬᠤᠵᠤ᠂ ᠵᠢᠵᠢᠭ ᠰᠠᠵᠢᠭ ᠶᠠᠪᠤᠳᠠᠯ ᠠᠴᠠ | ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠵᠤ᠂ ᠴᠥᠬᠦᠷᠡᠰᠢ ᠦᠭᠡᠢ ᠴᠢᠩᠭ᠎ᠠ ᠠᠳᠬᠤᠪᠠᠯ ᠰᠠᠶ᠋ᠢ ᠰᠤᠷᠲᠠᠯ ᠢ | ᠲᠠᠰᠤᠷᠠᠯᠲᠠ ᠦᠭᠡᠢ ᠬᠡᠪ ᠵᠠᠩᠰᠢᠯ ᠪᠣᠯᠭᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠨᠡᠩ ᠲᠡᠭᠦᠯᠳᠡᠷ ᠪᠣᠯᠭᠠᠵᠤ ᠴᠢᠳᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ | | |