ᠤᠶᠢᠷ᠎ᠡ ᠶᠢᠨ ᠬᠡᠳᠦᠨ ᠵᠢᠯ ᠬᠠᠪᠤᠷ ᠪᠤᠯᠪᠠᠯ ᠳᠡᠷᠭᠡᠳᠡᠬᠢ ᠴᠡᠴᠡᠭ ᠤᠨ ᠲᠣᠭᠤᠰᠣᠨ ᠳᠤ ᠬᠠᠷᠰᠢᠬᠤ ᠬᠥᠮᠦᠨ ᠤᠯᠠᠰᠢᠷᠠᠵᠤ ᠪᠠᠶᠢᠨ᠎ᠠ᠂ ᠡᠨᠡ ᠨᠢ ᠶᠠᠮᠠᠷ ᠤᠴᠢᠷ | ᠠᠴᠠ ᠪᠤᠯᠤᠬᠰᠠᠨ ᠪᠤᠢ︖ ᠶᠠᠮᠠᠷ ᠠᠷᠭ᠎ᠠ ᠪᠠᠷ ᠰᠢᠢᠳᠪᠦᠷᠢᠯᠡᠪᠡᠯ ᠵᠤᠬᠢᠬᠤ ᠪᠣᠢ︖ | ᠠᠷᠠᠳ ᠤᠨ ᠰᠦᠯᠵᠢᠶ᠎ᠡ ᠶᠢᠨ ᠰᠦᠯᠵᠢᠶᠡᠨ ᠤ ᠨᠠᠶᠢᠵᠠ | ᠡᠨᠡ ᠬᠦ ᠰᠦᠯᠵᠢᠶᠡᠨ ᠨᠠᠶᠢᠵᠠ ᠶᠢᠨ ᠲᠤᠷᠠᠳᠤᠬᠰᠠᠨ ᠠᠰᠠᠭᠤᠳᠠᠯ ᠢᠶᠠᠷ ᠲᠠ ᠪᠦᠬᠦᠨ ᠲᠠᠢ ᠴᠡᠴᠡᠭ ᠤᠨ ᠲᠤᠭᠤᠰᠤᠨ ᠳᠤ ᠬᠠᠷᠰᠢᠬᠤ ᠲᠤᠬᠠᠶ ᠶᠠᠷᠢᠯᠴᠠᠶ᠎ᠠ᠃ | ᠮᠣᠳᠣ ᠳᠠᠷᠢᠵᠤ ᠣᠶᠢᠵᠢᠭᠤᠯᠤᠨ ᠡᠬᠡ ᠤᠯᠤᠰ ᠢᠶᠠᠨ ᠨᠣᠭᠤᠭᠠᠷᠠᠭᠤᠯᠬᠤ ᠨᠢ ᠨᠢᠭᠡᠨᠲᠡ ᠪᠥᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠪᠣᠯᠵᠣ᠂ ᠬᠥᠮᠦᠰ | ᠳᠡᠷᠭᠡᠳᠡᠬᠢ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠡᠳ᠋ᠯᠡᠬᠦ ᠶᠢᠨ ᠬᠠᠮᠲᠤ ᠪᠠᠰᠠ ᠬᠠᠪᠤᠷ ᠪᠤᠯᠵᠤ ᠴᠡᠴᠡᠭ ᠨᠠᠪᠴᠢᠰ ᠳᠡᠯᠭᠡᠷᠡᠬᠦ ᠳᠤ ᠬᠠᠷᠰᠢᠯ ᠡᠭᠦᠰᠬᠦ ᠨᠢ | ᠬᠠᠯᠠᠮᠰᠢᠯ ᠰᠡᠳᠦᠪ ᠪᠣᠯᠳᠠᠭ᠃ | ᠴᠡᠴᠡᠭ ᠤᠨ ᠲᠣᠭᠤᠰᠣ᠂ ᠤᠯᠢᠶᠠᠰᠤᠨ ᠮᠤᠳᠤᠨ ᠤ ᠦᠷ᠎ᠡ ᠪᠠ ᠤᠳᠠ ᠮᠣᠳᠣᠨ ᠤ ᠦᠷ᠎ᠡ᠂ ᠳᠡᠭᠦᠵᠢᠩ ᠵᠢᠮᠢᠰᠳᠤ ᠮᠣᠳᠣᠨ ᠤ ᠵᠢᠮᠢᠰ ᠤᠨ ᠦᠰᠦ | ᠵᠡᠷᠭᠡ ᠠᠴᠠ ᠪᠦᠷᠢᠯᠳᠦᠭᠰᠡᠨ ᠤᠩᠭᠠᠷᠢᠯ ᠲᠡᠳᠦᠶ ᠪᠢᠰᠢ᠂ ᠬᠠᠷᠰᠢᠭᠤᠯᠤᠬᠴᠢ ᠶᠢ ᠲᠡᠭᠡᠭᠡᠵᠦ ᠶᠠᠪᠤᠵᠤ ᠵᠤᠶᠢᠯᠡᠰ ᠨᠢ ᠴᠤ ᠬᠥᠮᠦᠰ ᠲᠤ ᠬᠠᠷᠰᠢᠯ ᠠᠪᠴᠢᠷᠠᠵᠤ ᠮᠡᠳᠡᠨ᠎ᠡ᠃ | ᠪᠡᠭᠡᠵᠢᠩ ᠢᠶᠠᠷ ᠵᠢᠱᠢᠶᠡᠯᠡᠪᠡᠯ᠂ ᠥᠩᠭᠡᠷᠡᠭᠰᠡᠨ ᠳᠤ ᠳᠠᠷᠢᠭᠰᠠᠨ ᠴᠥᠭᠡᠨ ᠪᠤᠰᠤ ᠮᠤᠳᠤ ᠨᠢ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠦᠷᠡᠵᠢᠨ ᠲᠡᠯᠭᠡᠷᠡᠬᠦ | ᠬᠤᠭᠤᠴᠠᠭᠠᠨ ᠳᠤ ᠴᠡᠴᠡᠭ ᠤᠨ ᠲᠣᠭᠤᠰᠣ ᠶᠢᠨ ᠲᠠᠷᠬᠠᠬᠤ ᠴᠢᠳᠠᠪᠤᠷᠢ ᠨᠡᠮᠡᠭᠳᠡᠵᠦ᠂ ᠬᠠᠷᠰᠢᠭᠤᠯᠤᠬᠴᠢ ᠴᠦ ᠳᠠᠭᠠᠯᠳᠤᠨ ᠨᠡᠮᠡᠭᠳᠡᠵᠡᠢ᠂ ᠡᠨᠡ ᠪᠣᠯ ᠬᠤᠲᠠ ᠶᠢᠨ | ᠨᠣᠭᠤᠭᠠᠷᠠᠭᠤᠯᠤᠯᠲᠠ ᠶᠢᠨ ᠨᠣᠷᠮ᠎ᠠ ᠳᠡᠭᠡᠭᠰᠢᠯᠡᠬᠦ ᠶᠢᠨ ᠲᠠᠭᠠᠤ ᠪᠢᠳᠡᠨ ᠳᠤ ᠠᠪᠴᠢᠷᠠᠭᠰᠠᠨ ︽ᠦᠰᠦᠨ ᠪᠤᠶᠢᠵᠢᠯᠲᠠ ᠶᠢᠨ ᠪᠤᠬᠢᠨᠢᠳᠤᠯ︾ ᠪᠤᠯᠤᠨ᠎ᠠ᠃ | ᠬᠠᠷᠰᠢᠯ ᠢ ᠠᠷᠭᠠᠴᠠᠬᠤ ᠪᠠᠷ ᠬᠥᠮᠦᠰ ᠴᠥᠭᠡᠨ ᠪᠤᠰᠤ ᠠᠷᠭ᠎ᠠ ᠪᠤᠳᠤᠵᠠᠢ᠂ ᠵᠢᠱᠢᠶᠡᠯᠡᠪᠡᠯ ᠤᠰᠤ ᠰᠦᠷᠴᠢᠬᠦ᠂ ᠰᠠᠯᠠᠭ᠎ᠠ ᠨᠠᠮᠠᠭ᠎ᠠ ᠶᠢ ᠨᠢ ᠵᠠᠰᠠᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠨᠡᠮᠡᠭᠳᠡᠭᠦᠯᠬᠦ ᠵᠡᠷᠭᠡ ᠠᠷᠭ᠎ᠠ ᠶᠢ ᠠᠪᠴᠠᠢ᠃ ᠵᠠᠷᠢᠮ ᠭᠠᠵᠠᠷ ᠤᠨ ᠴᠡᠴᠡᠷᠯᠢᠭ ᠤᠨ ᠰᠠᠯᠠᠭ᠎ᠠ ᠮᠥᠴᠢᠷ | ᠤᠨ ᠬᠢᠨ ᠤᠯᠢᠶᠠᠰᠤᠨ ᠮᠤᠳᠤᠨ ᠤ ᠪᠠ ᠤᠳᠠ ᠮᠣᠳᠣᠨ ᠤ ᠡᠮ᠎ᠡ ᠤᠷᠭᠤᠮᠠᠯ ᠳᠤ ᠬᠤᠷᠢᠭᠯᠠᠬᠤ ᠡᠮ ᠳᠠᠷᠢᠵᠤ ᠤᠩᠭᠠᠷᠢᠯ ᠢ ᠨᠢ ᠪᠠᠭᠠᠰᠬᠠᠵᠦ ᠪᠤᠢ᠂ ᠬᠡᠳᠦ᠋ᠢᠪᠡᠷ | ᠬᠥᠮᠦᠨ ᠤ ᠬᠦᠴᠦ ᠪᠠ ᠪᠣᠳᠠᠰ ᠤᠨ ᠬᠦᠴᠦ ᠶᠢ ᠬᠤᠷᠣᠭᠳᠠᠭᠤᠯᠳᠠᠭ ᠪᠣᠯᠪᠠᠴᠤ ᠣᠷᠣᠨ ᠨᠤᠲᠤᠭ ᠤᠨ ᠵᠠᠰᠠᠭ ᠤᠨ ᠣᠷᠳᠣᠨ ᠮᠥᠨ ᠯᠡ ᠲᠠᠰᠤᠷᠠᠯᠲᠠ ᠥᠬᠡᠶ | ᠡᠷᠴᠢᠮ ᠢᠶᠠᠨ ᠴᠢᠩᠭᠠᠷᠠᠭᠤᠯᠵᠤ᠂ ᠣᠯᠠᠨ ᠠᠷᠭ᠎ᠠ ᠪᠣᠳᠣᠯᠭ᠎ᠠ ᠬᠡᠷᠡᠭᠵᠢᠭᠦᠯᠤᠨ ᠵᠠᠰᠠᠵᠤ ᠪᠠᠶᠢᠨ᠎ᠠ᠃ | ︽ᠴᠡᠴᠡᠭ ᠤᠨ ᠲᠣᠭᠤᠰᠣᠨ ᠤᠩᠭᠠᠷᠢᠯ ᠬᠡᠶᠢᠰᠴᠤ ᠦᠨᠡᠭᠡᠷ ᠬᠦᠮᠦᠰ ᠢ ᠳᠤᠷ᠎ᠠ ᠦᠭᠡᠶᠢᠴᠡᠭᠦᠯᠦᠨᠡ᠂ ᠡᠳᠡᠭᠡᠷ ᠮᠣᠳᠣ ᠶᠢ ᠣᠭᠲᠣᠯᠤᠨ ᠬᠠᠶᠠᠵᠦ ᠪᠣᠯᠬᠤ | ᠦᠭᠡᠢ ᠦᠦ︖︾ | ᠴᠡᠴᠡᠭ ᠤᠨ ᠲᠣᠭᠤᠰᠣ ᠪᠠ ᠤᠩᠭᠠᠷᠢᠯ ᠢ ᠪᠣᠶ ᠪᠣᠯᠭᠠᠵᠦ ᠪᠠᠶᠢᠭ᠎ᠠ ᠮᠤᠳᠤᠳ ᠢ ᠣᠭᠲᠣᠯᠵᠤ ᠬᠠᠶᠠᠴᠢᠬᠠᠭᠠᠳ ᠴᠡᠴᠡᠭ ᠤᠨ ᠲᠣᠭᠤᠰᠣᠨ ᠤ ᠬᠠᠷᠰᠢᠬᠤ | ᠠᠰᠠᠭᠤᠳᠠᠯ ᠢ ᠰᠢᠢᠳᠪᠦᠷᠢᠯᠡᠵᠦ ᠲᠡᠶᠢᠯᠬᠦ ᠪᠢᠰᠢ ᠶᠤᠮ᠃ | ᠦᠡᠭᠭᠡᠷᠡᠭᠰᠡᠨ ᠵᠢᠯ ᠤᠳ ᠲᠤ᠂ ᠪᠠᠶᠢᠭᠠᠯᠢ ᠶᠢᠨ ᠨᠥᠬᠦᠴᠡᠯ ᠪᠠ ᠠᠵᠤ ᠠᠬᠤᠶ ᠶᠢᠨ ᠨᠥᠬᠦᠴᠡᠯ ᠤᠨ ᠬᠢᠵᠠᠭᠠᠷᠯᠠᠯ ᠠᠴᠠ ᠪᠤᠯᠵᠤ ᠵᠠᠷᠢᠮ ᠬᠤᠳᠠ ᠶᠢᠨ | ᠰᠣᠩᠭᠤᠵᠤ ᠪᠣᠯᠬᠤ ᠨᠣᠭᠤᠭᠠᠷᠠᠭᠤᠯᠤᠯᠲᠠ ᠶᠢᠨ ᠮᠣᠳᠣᠨ ᠤ ᠲᠦᠷᠦᠯ ᠲᠡᠶᠢᠮᠦ ᠤᠯᠠᠨ ᠪᠢᠰᠢ ᠪᠠᠶᠢᠳᠠᠭ᠃ ᠪᠡᠭᠡᠵᠢᠩ ᠳᠤ ᠨᠠᠷᠠᠰᠤ ᠮᠠᠶᠢᠯᠠᠰᠤ ᠤᠳᠠ ᠤᠯᠢᠶᠠᠰᠤ ᠶᠢᠨ | ᠠᠮᠢ ᠠᠬᠤᠶ ᠶᠢᠨ ᠵᠣᠬᠢᠴᠠᠬᠤ ᠴᠢᠨᠠᠷ ᠴᠢᠩᠭ᠎ᠠ ᠪᠠᠶᠢᠳᠠᠭ᠂ ᠡᠨᠡ ᠨᠢ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ᠂ ᠠᠮᠢ ᠠᠬᠤᠶ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ︽ᠭᠠᠪᠢᠶᠠᠲᠠᠨ︾ ᠪᠣᠯᠤᠨ᠎ᠠ᠃ ᠱᠠᠩᠬᠠᠢ ᠳᠤ ᠳᠡᠭᠦᠵᠢᠩ ᠵᠢᠮᠢᠰᠳᠤ ᠮᠣᠳᠣᠨ ᠤ ᠤᠷᠭᠤᠬᠤ ᠬᠤᠷᠳᠤᠴᠠ ᠨᠢ ᠲᠦᠷᠭᠡᠨ᠂ ᠠᠭᠠᠷ ᠢ | ᠴᠡᠪᠡᠷᠰᠢᠭᠦᠯᠬᠦ ᠦᠢᠯᠡᠳᠦᠯ ᠨᠢ ᠰᠠᠶᠢᠨ ᠪᠠᠶᠢᠵᠤ᠂ ᠬᠤᠳᠠ ᠶᠢᠨ ᠠᠮᠢ ᠠᠬᠤᠢ ᠳᠤ ᠴᠤ ︽ᠭᠠᠪᠢᠶ᠎ᠠ ᠨᠢ ᠠᠯᠳᠠᠭ᠎ᠠ ᠠᠴᠠ ᠪᠠᠨ ᠶᠡᠭᠡ︾ ᠪᠠᠶᠢᠳᠠᠭ᠃ ᠴᠡᠴᠡᠭ ᠤᠨ | ᠲᠣᠭᠤᠰᠣ ᠪᠠ ᠤᠩᠭᠠᠷᠢᠯ ᠶᠡᠭᠡ ᠠᠴᠠ ᠪᠤᠯᠵᠤ ᠲᠡᠭᠦᠨ ᠤ ᠭᠠᠪᠢᠶ᠎ᠠ ᠵᠢᠳᠬᠦᠯ ᠢ ᠨᠢ ᠦᠭᠡᠶᠢᠰᠬᠡᠵᠦ ᠪᠣᠯᠬᠤ ᠦᠬᠡᠢ᠃ | ᠳᠠᠬᠢᠨ ᠪᠣᠯᠤᠮᠵᠢᠲᠤ ᠴᠢᠨᠠᠷ ᠠᠴᠠ ᠨᠢ ᠠᠪᠴᠤ ᠦᠵᠡᠶ᠎ᠡ᠃ ᠠᠳᠠᠯᠢ ᠪᠤᠰᠤ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ ᠨᠢ ᠡᠪᠡᠰᠦ ᠮᠤᠳᠤᠨ ᠤ | ᠥᠰᠥᠯᠲᠡ ᠳᠤ ᠰᠢᠢᠳᠪᠦᠷᠢᠯᠡᠭᠴᠢ ᠴᠢᠨᠠᠷᠲᠠᠢ ᠨᠥᠯᠥᠭᠡ ᠦᠵᠡᠭᠦᠯᠳᠡᠭ᠃ ᠨᠠᠷᠠᠰᠤ ᠮᠠᠶᠢᠯᠠᠰᠤ ᠤᠳᠠ ᠤᠯᠢᠶᠠᠰᠤ ᠨᠢ ᠪᠡᠭᠡᠵᠢᠩ ᠳᠤ ᠲᠤᠬᠢᠷᠠᠵᠤ᠂ ᠳᠡᠭᠦᠵᠢᠩ ᠵᠢᠮᠢᠰᠳᠤ | ᠮᠣᠳᠣ ᠨᠢ ᠱᠠᠩᠬᠠᠢ ᠳᠤ ᠲᠤᠬᠢᠷᠠᠳᠠᠭ᠂ ᠡᠨᠡ ᠨᠢ ᠬᠡᠳᠦᠨ ᠦᠶ᠎ᠡ ᠶᠢᠨ ᠬᠥᠮᠦᠰ ᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠬᠰᠠᠨ ᠰᠣᠩᠭᠤᠯᠲᠠ ᠪᠣᠯᠬᠤ | ᠪᠦᠭᠡᠳ ᠬᠤᠳᠠ ᠶᠢᠨ ᠨᠣᠭᠤᠭᠠᠷᠠᠭᠤᠯᠤᠯᠲᠠ᠂ ᠠᠷᠠᠳ ᠤᠨ ᠠᠮᠢᠳᠤᠷᠠᠯ ᠳᠤ ᠠᠰᠢᠬᠳᠠᠢ ᠲᠠᠯ᠎ᠠ ᠠᠪᠴᠢᠷᠠᠬᠰᠠᠨ ᠪᠤᠯᠬᠤᠷ ᠲᠡᠶᠢᠮᠦ ᠠᠮᠠᠷᠬᠠᠨ ᠠᠰᠢᠭ ᠤᠬᠳᠤᠯᠤᠨ | ᠬᠠᠶᠠᠵᠦ ᠪᠤᠯᠬᠤ ᠦᠭᠡᠢ᠃ | ᠡᠨᠡ ᠪᠣᠯ ᠬᠤᠲᠠ ᠶᠢᠨ ᠨᠣᠭᠤᠭᠠᠷᠠᠭᠤᠯᠤᠯᠲᠠ ᠶᠢᠨ ᠬᠤᠪᠢᠰᠤᠩᠭᠤᠶ ᠠᠷᠭ᠎ᠠ ᠪᠤᠯᠤᠨ᠎ᠠ᠃ ᠣᠳᠣᠬᠠᠨ ᠳᠤ᠂ ᠨᠠᠷᠠᠰᠤ ᠮᠠᠶᠢᠯᠠᠰᠤ ᠤᠯᠢᠶᠠᠰᠦ ᠤᠳᠠ ᠨᠢ | ᠨᠢᠭᠡᠨᠲᠡ ᠪᠡᠭᠡᠵᠢᠩ ᠤᠨ ᠴᠢᠬᠤᠯᠠ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠪᠣᠯᠵᠠᠶ᠂ ᠳᠡᠭᠦᠵᠢᠩ ᠵᠢᠮᠢᠰᠳᠤ ᠮᠣᠳᠣ ᠨᠢ ᠴᠤ ᠱᠠᠩᠬᠠᠶ ᠳᠤ ᠬᠠᠮᠤᠭ ᠤᠨ ᠣᠯᠠᠨ | ᠳᠠᠷᠢᠵᠤ ᠪᠠᠶᠢᠭ᠎ᠠ ᠵᠠᠮ ᠳᠠᠭᠠᠤ ᠶᠢᠨ ᠮᠣᠳᠣᠨ ᠤ ᠨᠢᠭᠡ ᠪᠣᠯᠤᠨ᠎ᠠ᠂ ᠡᠲᠡᠭᠡᠷ ᠮᠣᠳᠣ ᠶᠢ ᠴᠦᠮ ᠣᠭᠲᠣᠯᠵᠤ ᠬᠠᠶᠠᠭᠠᠳ ᠲᠠᠬᠢᠨ ᠥᠭᠡᠷ᠎ᠡ ᠮᠣᠳᠣ ᠶᠢ ᠳᠠᠷᠢᠵᠤ᠂ | ᠲᠡᠭᠦᠨ ᠤ ᠲᠣᠮᠣ ᠪᠣᠯᠬᠤ ᠶᠢ ᠬᠦᠯᠢᠶᠡᠬᠦ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ ᠶᠤᠮ᠃ ᠡᠬᠢ ᠡᠭᠦᠰᠦᠯ ᠠᠴᠠ ᠨᠢ ᠬᠠᠷᠰᠢᠭᠤᠯᠤᠬᠴᠢ ᠶᠢ ᠪᠠᠭᠠᠰᠬᠠᠬᠤ ᠶᠢᠨ | ᠲᠥᠯᠥᠭᠡ᠂ ᠪᠡᠭᠡᠵᠢᠩ᠂ ᠱᠠᠩᠬᠠᠶ ᠵᠡᠷᠭᠡ ᠭᠠᠵᠠᠷ ᠤᠨ ᠬᠢᠨ ᠰᠢᠨ᠎ᠡ ᠮᠣᠳᠣ ᠳᠠᠷᠢᠬᠤ ᠶᠢ ᠲᠥᠯᠥᠪᠵᠢᠭᠦᠯᠬᠦ ᠳᠡᠭᠡᠨ ᠬᠠᠷᠰᠢᠮᠠᠲᠠᠭᠠᠶ ᠮᠣᠳᠣᠨ ᠤ ᠲᠥᠷᠥᠯ ᠢ ᠠᠯᠢ | ᠴᠢᠳᠠᠬᠤ ᠪᠠᠷ ᠬᠢᠵᠠᠭᠠᠷᠯᠠᠵᠡᠢ᠃ ᠬᠡᠯᠡᠯᠭᠡᠨ ᠦᠭᠡᠢ᠂ ᠡᠴᠦᠰ ᠤᠨ ᠡᠴᠦᠰ ᠲᠤ ᠦᠷ᠎ᠡ ᠪᠦᠲᠦᠮᠵᠢ ᠤᠯᠬᠤ ᠳᠤ ᠪᠠᠰᠠ ᠶᠠᠪᠤᠴᠠ ᠪᠠᠶᠢᠬᠤ ᠬᠡᠷᠡᠭᠲᠡᠢ᠂ | ᠤᠳᠠᠭᠠᠰᠢᠷᠠᠭᠤᠯᠵᠤ ᠪᠣᠯᠬᠤ ᠦᠭᠡᠢ ᠪᠥᠭᠡᠳ ᠶᠠᠭᠠᠷᠠᠵᠤ ᠴᠤ ᠪᠣᠯᠬᠤ ᠦᠭᠡᠢ᠃ | ᠡᠭᠦᠨ ᠠᠴᠠ ᠦᠵᠡᠬᠦ ᠳᠤ ᠴᠡᠴᠡᠭ ᠤᠨ ᠲᠤᠭᠤᠰᠤᠨ ᠤ ᠬᠠᠷᠰᠢᠯ ᠪᠣᠯ ᠬᠤᠲᠠ ᠶᠢᠨ ᠨᠣᠭᠤᠭᠠᠷᠠᠭᠤᠯᠤᠯᠲᠠ ᠶᠢᠨ ᠶᠠᠪᠤᠴᠠ ᠳᠠᠬᠢ ︽ᠦᠰᠦᠨ ᠪᠤᠶᠢᠵᠢᠯᠲᠠ ᠶᠢᠨ | ᠪᠤᠬᠢᠨᠢᠳᠤᠯ︾ ᠪᠤᠯᠤᠨ᠎ᠠ᠃ | ᠳᠡᠯᠡᠬᠡᠢ ᠳᠡᠭᠡᠷ᠎ᠡ ᠳᠤᠮᠳᠠᠳᠤ ᠤᠯᠤᠰ ᠰᠢᠭ᠋ ᠮᠣᠳᠣ ᠲᠠᠷᠢᠵᠤ ᠣᠶᠢᠵᠢᠭᠤᠯᠬᠤ ᠶᠢ ᠴᠢᠬᠤᠯᠠᠴᠢᠯᠠᠳᠠᠭ ᠬᠤᠶᠠᠳᠤᠭᠠᠷ ᠲᠤᠮᠤ ᠤᠯᠤᠰ ᠢ ᠡᠷᠢᠵᠦ ᠤᠯᠬᠤ ᠳᠤ ᠪᠡᠷᠬᠡ | ᠶᠤᠮ᠃ ᠬᠤᠶᠠᠷ 25 % ᠨᠢ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠢᠯᠡᠷᠡᠭᠦᠯᠵᠦ ᠲᠡᠶᠢᠯᠦᠨ᠎ᠡ᠄ ᠣᠳᠣᠬᠠᠨ ᠳᠤ ᠮᠠᠨ ᠤ | ᠤᠯᠤᠰ ᠤᠨ ᠣᠶ ᠰᠢᠭᠤᠶ ᠶᠢᠨ ᠪᠦᠷᠬᠦᠴᠡ 25% ᠶᠢ ᠳᠠᠪᠠᠵᠤ᠂ ᠪᠥᠬᠦ ᠪᠥᠮᠪᠥᠷᠴᠡᠭ ᠲᠤ ᠪᠠᠷᠤᠭ 25 % ᠶᠢᠨ ᠰᠢᠨ᠎ᠡ ᠪᠠᠷ ᠨᠡᠮᠡᠭᠳᠡᠭᠰᠡᠨ | ᠨᠣᠭᠤᠭᠠᠷᠠᠭᠤᠯᠤᠯᠲᠠ ᠶᠢᠨ ᠲᠠᠯᠠᠪᠠᠶ ᠶᠢ ᠬᠠᠨᠳᠢᠪᠯᠠᠪᠠ᠃ ᠮᠣᠳᠣ ᠠᠷᠪᠢᠳᠪᠠᠯ ᠴᠡᠴᠡᠭ ᠤᠨ ᠲᠣᠭᠤᠰᠣ ᠶᠢᠨ ᠤᠩᠭᠠᠷᠢᠯ ᠳᠠᠭᠠᠯᠳᠤᠨ ᠨᠡᠮᠡᠭᠳᠡᠵᠦ᠂ ᠬᠥᠮᠦᠨ ᠠᠮᠠ | ᠲᠥᠪᠯᠡᠷᠡᠭᠰᠡᠨ ᠬᠤᠲᠠ ᠳᠤ ᠬᠠᠷᠰᠢᠬᠤ ᠨᠣᠷᠮ᠎ᠠ ᠨᠢ ᠴᠦ ᠤᠯᠠᠮ ᠶᠡᠭᠡ ᠪᠣᠯᠵᠣ᠂ ︽ᠦᠰᠦᠨ ᠪᠤᠶᠢᠵᠢᠯᠲᠠ ᠶᠢᠨ ᠪᠤᠬᠢᠨᠢᠳᠤᠯ︾ ᠨᠢ ᠤᠯᠠᠮ ᠲᠣᠪᠤᠶᠢᠮ᠎ᠠ ᠪᠣᠯᠤᠨ᠎ᠠ᠃ | ︽ᠡᠶᠢᠮᠦ ᠣᠯᠠᠨ ᠮᠣᠳᠣ ᠲᠠᠷᠢᠭᠰᠠᠨ ᠮᠥᠷᠲᠡᠭᠡᠨ ᠪᠠᠰᠠ ᠡᠶᠢᠮᠦ ᠣᠯᠠᠨ ᠬᠥᠮᠦᠨ ᠬᠠᠷᠰᠢᠵᠦ ᠪᠠᠶᠢᠭ᠎ᠠ ᠪᠤᠯᠬᠤᠷ ᠪᠠᠭ᠎ᠠ ᠰᠢᠭ᠋ ᠲᠠᠷᠢᠵᠤ ᠪᠤᠯᠬᠤ ᠦᠭᠡᠢ ᠦᠦ︖ | ︾᠃ | ᠣᠳᠣᠬᠠᠨ ᠳᠤ ᠠᠪᠴᠤ ᠬᠡᠯᠡᠪᠡᠯ ᠢᠡᠭᠭᠢᠵᠦ ᠪᠣᠯᠬᠤ ᠦᠭᠡᠢ᠃ | ᠨᠢᠭᠡ ᠲᠠᠯ᠎ᠠ ᠪᠠᠷ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠷᠠᠳ ᠤᠯᠠᠨ ᠤ ᠲᠦᠷᠦᠭᠳᠡᠯ ᠬᠠᠮᠤᠭ ᠤᠨ ᠰᠢᠭᠤᠳ ᠬᠠᠮᠤᠭ ᠤᠨ | ᠦᠨᠡᠨ ᠪᠣᠳᠠᠲᠠᠢ ᠪᠣᠯᠪᠠ᠃ ᠥᠨᠥᠳᠦᠷ ᠤᠨ ᠳᠤᠮᠳᠠᠳᠤ ᠤᠯᠤᠰ ᠲᠤ᠂ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ | ᠪᠠᠶᠢᠨ᠎ᠠ᠂ ᠤᠯᠠᠨ ᠵᠢᠯ ᠤᠨ ᠴᠢᠷᠮᠠᠶᠢᠯᠭ᠎ᠠ ᠪᠠᠷ ᠢᠶᠠᠨ ᠰᠣᠯᠢᠵᠤ ᠠᠪᠴᠢᠷᠠᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢ ᠠᠬᠤᠢ ᠶᠢᠨ ᠵᠣᠯ ᠵᠢᠷᠭᠠᠯᠲᠤ | ᠲᠦᠷᠦᠭᠳᠡᠯ ᠢ ᠬᠤᠪᠢ ᠲᠠᠬᠢᠨ ᠨᠠᠨᠳᠢᠩᠨᠠᠬᠤ ᠬᠡᠷᠡᠭᠲᠡᠢ᠃ | ᠨᠥᠭᠦᠭᠡ ᠲᠠᠯ᠎ᠠ ᠪᠠᠷ᠂ ᠣᠳᠣᠬᠠᠨ ᠳᠤ ᠮᠠᠨ ᠤ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠮᠥᠨ ᠬᠦ | ᠬᠦᠷᠦᠯᠴᠡᠬᠦ ᠥᠬᠡᠶ᠂ ᠶᠠᠰᠤ ᠴᠢᠨᠠᠷ ᠦᠷ᠎ᠡ ᠠᠰᠢᠭ ᠮᠥᠨ ᠬᠦ ᠲᠡᠶᠢᠮᠦ ᠥᠨᠳᠥᠷ ᠪᠢᠰᠢ᠂ ᠭᠠᠵᠠᠷ ᠣᠷᠣᠨ ᠤ ᠲᠠᠷᠬᠠᠯᠲᠠ ᠴᠤ ᠲᠡᠩᠴᠡᠭᠦᠷᠢ ᠥᠬᠡᠶ ᠪᠠᠶᠢᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠪᠠᠰᠠ ᠤᠳᠠᠭᠠᠨ ᠳᠠᠭᠠᠭᠠᠮᠠᠭᠠᠶ ᠪᠠᠷ ᠴᠢᠷᠮᠠᠶᠢᠵᠤ᠂ ᠵᠢᠯ ᠵᠢᠯ ᠠᠴᠠ ᠪᠠᠨ ᠰᠠᠶᠢᠨ | ᠬᠢᠬᠦ ᠪᠠᠷ ᠴᠢᠷᠮᠠᠶᠢᠬᠤ ᠬᠡᠷᠡᠭᠲᠡᠶ᠃ | ︽ᠦᠰᠦᠨ ᠪᠤᠶᠢᠵᠢᠯᠲᠠ ᠶᠢᠨ ᠪᠤᠬᠢᠨᠢᠳᠤᠯ︾ ᠨᠢ ᠬᠤᠳᠠ ᠶᠢᠨ ᠨᠣᠭᠤᠭᠠᠷᠠᠭᠤᠯᠤᠯᠲᠠ ᠶᠢᠨ ᠬᠦᠷᠢᠶᠡᠨ ᠳᠤ ᠢᠯᠡᠷᠡᠵᠦ ᠪᠠᠶᠢᠬᠤ ᠪᠠᠷ ᠪᠠᠷᠠᠬᠤ ᠦᠬᠡᠢ᠂ ᠪᠠᠰᠠ | ᠶᠡᠭᠡ ᠠᠴᠠ ᠬᠥᠭᠵᠢᠯᠲᠡ ᠶᠢᠨ ᠣᠶᠢᠯᠠᠭᠠᠭᠳᠠᠬᠤᠨ ᠤ ᠬᠤᠪᠢᠷᠠᠯᠲᠠ᠂ ᠪᠠᠭ᠎ᠠ ᠠᠴᠠ ᠬᠤᠪᠢ ᠬᠥᠮᠦᠨ ᠤ ᠪᠣᠬᠢᠷᠲᠤᠯ ᠦᠬᠡᠢ ᠠᠮᠢᠳᠤᠷᠠᠯ ᠤᠨ ᠲᠠᠯ᠎ᠠ ᠪᠣᠯᠭᠠᠨ ᠳᠤ | ᠢᠯᠡᠷᠡᠵᠦ ᠪᠠᠶᠢᠨ᠎ᠠ᠃ ᠰᠢᠨ᠎ᠡ ᠴᠠᠭ ᠦᠶ᠎ᠡ ᠠᠴᠠ ᠨᠠᠭᠠᠰᠢ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ | ᠣᠯᠤᠭᠰᠠᠨ ᠠᠮᠵᠢᠯᠲᠠ ᠪᠦᠲᠦᠮᠵᠢ ᠨᠢ ᠤᠯᠠᠨ ᠠᠩᠬᠠᠷᠤᠯ ᠢ ᠲᠠᠳᠠᠵᠦ ᠪᠠᠶᠢᠬᠤ ᠪᠦᠭᠡᠳ ᠤᠯᠠᠩᠬᠢ ᠨᠢ ᠴᠦᠮ ᠲᠠᠰᠤᠷᠠᠯᠳᠠ ᠦᠭᠡᠢ ᠠᠰᠠᠭᠤᠳᠠᠯ ᠭᠠᠷᠴᠤ | ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠠᠭᠠᠵᠢᠮ ᠢᠶᠠᠷ ᠬᠠᠮᠲᠤ ᠶᠢᠨ ᠲᠠᠨᠢᠯᠲᠠ ᠲᠠᠢ ᠪᠤᠯᠵᠤ᠂ ᠤᠷᠤᠭᠰᠢ ᠠᠬᠢᠵᠤ ᠪᠠᠶᠢᠨ᠎ᠠ᠃ | ᠬᠥᠮᠦᠨ ᠬᠢᠭᠡᠳ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠤ ᠣᠷᠣᠰᠢᠬᠤ ᠪᠣᠯ ᠬᠥᠮᠦᠨ ᠲᠥᠷᠥᠯᠬᠢᠲᠡᠨ ᠤ ᠪᠣᠯᠪᠠᠰᠤᠨ ᠳᠤ ᠲᠤᠤᠱᠯᠠᠭᠳᠠᠬᠤ ᠥᠨᠢᠳᠡ ᠶᠢᠨ | ᠰᠡᠳᠦᠪ ᠮᠥᠨ᠃ ᠦᠶ᠎ᠡ ᠦᠶ᠎ᠡ ᠶᠢᠨ ᠬᠥᠮᠦᠰ ᠴᠥᠮ ᠥᠪᠡᠷ ᠤᠨ ᠢᠶᠠᠨ ᠪᠤᠬᠢᠨᠢᠳᠤᠯ ᠳᠤ ᠤᠴᠠᠷᠠᠬᠤ ᠪᠦᠭᠡᠳ ᠪᠠᠰᠠ ᠦᠢᠯᠡᠳᠦᠯᠭᠡ ᠶᠢᠨ ᠳᠤᠮᠳᠠ ᠠᠴᠠ ᠥᠪᠡᠷ ᠤᠨ | ᠬᠠᠷᠢᠭᠤᠯᠲᠠ ᠪᠠᠨ ᠣᠯᠳᠠᠭ᠃ ᠠᠮᠢ ᠠᠬᠤᠶ ᠶᠢᠨ ᠦᠷ᠎ᠡ ᠠᠰᠢᠭ ᠬᠢᠭᠡᠳ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠳᠤᠮᠳᠠ ᠠᠴᠠ ᠬᠥᠳᠡᠯᠦᠩᠭᠦᠶ ᠲᠡᠩᠴᠡᠭᠦᠷᠢ ᠶᠢ | ᠡᠷᠢᠯᠬᠢᠯᠡᠬᠦ ᠪᠣᠯ ᠮᠠᠨ ᠤ ᠡᠨᠡ ᠦᠶ᠎ᠡ ᠶᠢᠨ ᠬᠥᠮᠦᠰ ᠤᠨ ᠰᠢᠨ᠎ᠡ ᠰᠡᠳᠦᠪ ᠪᠣᠯᠤᠨ᠎ᠠ᠃ ︽ᠦᠰᠦᠨ ᠪᠤᠶᠢᠵᠢᠯᠲᠠ ᠶᠢᠨ ᠪᠤᠬᠢᠨᠢᠳᠤᠯ︾ ᠨᠢ ᠴᠠᠭ ᠦᠶ᠎ᠡ ᠶᠢᠨ | ᠳᠠᠪᠰᠢᠯᠲᠠ ᠶᠢᠨ ᠳᠤᠮᠳᠠ ᠯᠠᠪᠲᠠᠶ ︽ᠬᠠᠮᠤᠭ ᠰᠠᠶᠢᠨ ᠦᠷ᠎ᠡ ᠳ᠋ᠦᠡᠭ︾ ᠪᠦᠬᠦᠢ ᠲᠥᠰᠦᠯ ᠭᠠᠷᠭᠠᠵᠤ ᠴᠢᠳᠠᠨ᠎ᠠ᠃ | | |