ᠣᠯᠠᠨ ᠨᠡᠶᠢᠲᠡ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠺᠠᠳ᠋ᠷ | ᠠᠵᠢᠯᠲᠠᠳ ᠵᠢᠴᠢ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ᠂ ᠠᠯᠳ᠋ᠬᠠᠮᠡᠭᠡᠯ ᠪᠠᠯᠭᠠᠰᠤ ᠶᠢᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ | ᠬᠢᠬᠦ ᠪᠠᠷ ᠳᠠᠮᠵᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠪᠠ᠃ | | | | 4 ᠰᠠᠷ᠎ᠠ ᠶᠢᠨ 18 ᠤ ᠡᠳᠦᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ 20 ᠭᠠᠷᠤᠢ ᠠᠵᠢᠯᠲᠠᠨ ᠳᠤ ᠬᠤᠯᠤᠭᠠᠨ᠎ᠠ ᠶᠢᠨ ᠬᠢᠵᠢᠭ ᠡᠭᠦᠰᠬᠦ ᠰᠢᠯᠲᠠᠭᠠᠨ ᠵᠢᠴᠢ | ᠡᠪᠡᠳᠴᠢᠨ ᠡᠭᠦᠰᠬᠦ ᠲᠣᠭᠲᠠᠴᠠ᠂ ᠲᠠᠬᠤᠯ ᠡᠪᠡᠳᠴᠢᠨ ᠤ ᠰᠤᠳᠤᠯᠤᠯ ᠤᠨ ᠣᠨᠴᠠᠯᠢᠭ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠬᠠᠮᠢᠶ᠎ᠠ ᠪᠦᠬᠦᠢ | ᠮᠡᠳᠡᠯᠭᠡ ᠶᠢᠨ ᠪᠣᠯᠪᠠᠰᠤᠷᠠᠯ ᠬᠢᠬᠦ ᠶᠢᠨ ᠬᠠᠮᠲᠤ᠂ ᠲᠤᠬᠠᠶ ᠶᠢᠨ ᠲᠠᠯᠠᠪᠤᠷ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠬᠢᠨᠠᠨ ᠰᠢᠯᠭᠠᠯᠲᠠ | ᠬᠢᠵᠦ᠂ ᠬᠢᠨᠠᠨ ᠰᠢᠯᠭᠠᠭᠰᠠᠨ ᠨᠣᠷᠮ᠎ᠠ 95% ᠠᠴᠠ ᠳᠡᠭᠡᠭᠰᠢ ᠳᠤ ᠬᠦᠷᠭᠡᠪᠡ᠃ | | | | ᠬᠤᠯᠤᠭᠠᠨ᠎ᠠ ᠶᠢᠨ ᠬᠢᠵᠢᠭ ᠤᠨ ᠲᠤᠬᠠᠢ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ | ᠨᠡᠶᠢᠲᠡ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ | ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠲᠣᠮᠣ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠨᠡᠪᠲᠡᠷᠡᠭᠦᠯᠬᠦ ᠵᠡᠷᠭᠡ ᠬᠡᠯᠪᠡᠷᠢ ᠪᠠᠷ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠭᠦᠢᠴᠡᠳ ᠤᠬᠠᠭᠤᠯᠵᠤ᠂ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠪᠡ᠃ ᠡᠭᠦᠨ ᠤ ᠬᠠᠮᠲᠤ | ᠠᠵᠢᠯᠲᠠᠳ ᠢ ᠵᠣᠬᠢᠶᠠᠨ ᠪᠠᠶᠢᠭᠤᠯᠤᠨ ᠪᠠᠯᠭᠠᠰᠤ ᠶᠢᠨ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠵᠢᠴᠢ ᠰᠠᠭᠤᠭᠠᠯᠢ ᠠᠷᠠᠳ ᠤᠨ ᠭᠡᠷ ᠲᠤ ᠣᠴᠢᠭᠤᠯᠵᠤ | ︽ᠡᠪᠡᠳᠴᠢᠨ ︵ᠦᠬᠦᠬᠦ︶ ᠲᠠᠢ ᠲᠠᠷᠪᠠᠭ᠎ᠠ ᠪᠠ ᠪᠤᠰᠤᠳ ᠡᠪᠡᠳᠴᠢᠨ ᠢᠶᠠᠷ ᠦᠬᠦᠭᠰᠡᠨ ᠠᠮᠢᠲᠠᠨ ᠲᠠᠢ ᠣᠶᠢᠷᠠᠳᠬᠤ ᠦᠭᠡᠢ᠂ ᠦᠪᠴᠢᠬᠦ ᠦᠭᠡᠢ᠂ ᠮᠢᠬ᠎ᠠ ᠶᠢ ᠨᠢ | ᠢᠳᠡᠬᠦ ᠦᠭᠡᠢ ᠪᠠᠶᠢᠵᠤ᠂ ᠬᠤᠯᠤᠭᠠᠨ᠎ᠠ ᠶᠢᠨ ᠬᠢᠵᠢᠭ ᠢ ᠴᠢᠩᠭ᠎ᠠ ᠰᠡᠷᠭᠡᠶᠢᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠳᠡᠪᠲᠡᠷ ᠵᠢᠴᠢ ᠤᠬᠠᠭᠤᠯᠭ᠎ᠠ ᠶᠢᠨ ᠪᠣᠭᠴᠣ | ᠲᠠᠷᠬᠠᠭᠠᠵᠤ᠂ ᠰᠠᠭᠤᠭᠠᠯᠢ ᠠᠷᠠᠳ ᠲᠤ ᠬᠤᠯᠤᠭᠠᠨ᠎ᠠ ᠶᠢᠨ ᠬᠢᠵᠢᠭ᠂ ᠬᠤᠯᠤᠭᠠᠨ᠎ᠠ ᠶᠢᠨ ᠬᠢᠵᠢᠭ ᠤᠨ ᠲᠠᠷᠬᠠᠯᠲᠠ᠂ ᠤᠷᠢᠳᠴᠢᠯᠠᠨ ᠰᠡᠷᠭᠡᠶᠢᠯᠡᠬᠦ ᠵᠡᠷᠭᠡ ᠠᠭᠤᠯᠭ᠎ᠠ ᠶᠢ | ᠲᠠᠶᠢᠯᠪᠤᠷᠢᠯᠠᠨ ᠥᠭᠴᠦ᠂ ᠣᠯᠠᠨ ᠨᠡᠶᠢᠲᠡ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠶᠢᠨ ᠳᠠᠳᠬᠠᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠦᠲᠦᠯᠦᠨ ᠵᠢᠯᠣᠭᠤᠳᠪᠠ᠃ | | | | ᠤᠬᠠᠭᠤᠯᠭ᠎ᠠ ᠪᠣᠯᠪᠠᠰᠤᠷᠠᠯ ᠢᠶᠠᠷ ᠳᠠᠮᠵᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠯᠠᠮ ᠴᠢᠨᠠᠭᠰᠢᠳᠠ ᠲᠦᠭᠡᠮᠡᠯᠵᠢᠭᠦᠯᠵᠦ᠂ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠥᠬᠦ ᠠᠵᠢᠯᠲᠠᠨ ᠵᠢᠴᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ | ᠬᠤᠯᠤᠭᠠᠨ᠎ᠠ ᠶᠢᠨ ᠬᠢᠵᠢᠭ ᠤᠨ ᠲᠤᠬᠠᠶ ᠲᠠᠨᠢᠯᠲᠠ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠥᠪᠡᠷ ᠢ ᠪᠠᠨ | ᠬᠠᠮᠠᠭᠠᠯᠠᠬᠤ ᠤᠬᠠᠮᠰᠠᠷ ᠢ ᠨᠡᠮᠡᠭᠳᠡᠭᠦᠯᠪᠡ᠃ | | |