ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ᠠᠵᠤ ᠦᠢᠯᠡᠳᠪᠦᠷᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 21 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ᠠᠵᠤ ᠦᠢᠯᠡᠳᠪᠦᠷᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠪᠠ ᠬᠤᠸᠠᠷ ᠫᠤᠤᠵᠢᠩ ᠤᠨ ᠡᠵᠡᠩᠨᠡᠯᠲᠡ ᠶᠢᠨ ᠳᠡᠯᠭᠡᠭᠦᠷ ᠤᠨ ᠭᠤᠤᠯ ᠬᠠᠷᠢᠭᠤᠴᠠᠯᠭᠠᠲᠠᠨ ᠨᠡᠶᠢᠲᠡ 30 ᠬᠥᠮᠦᠨ ᠬᠤᠷᠠᠯ ᠳᠤ ᠣᠷᠣᠯᠴᠠᠪᠠ᠃
4.23应急1.png
      ᠬᠤᠷᠠᠯ ᠠᠴᠠ᠂ ᠲᠣᠰᠣ ᠨᠡᠮᠡᠬᠦ ᠥᠷᠲᠡᠭᠡ ᠵᠢᠴᠢ ᠬᠤᠸᠠᠷ ᠫᠤᠤᠵᠢᠩ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠨᠡᠶᠢᠲᠡᠯᠢᠭ ᠠᠳᠡᠯ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠵᠢᠶᠠᠩᠰᠦ᠂ ᠵᠧᠵᠢᠶᠠᠩ ᠳᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠤᠶᠠᠷ ᠨᠡᠯᠢᠶᠡᠳ ᠶᠡᠭᠡ ᠠᠳᠡᠯ ᠤᠨ ᠵᠠᠷᠯᠠᠯ ᠢ ᠰᠤᠷᠤᠯᠴᠠᠨ ᠤᠯᠠᠮᠵᠢᠯᠠᠵᠤ᠂ ︽ᠬᠢᠮᠢ ᠶᠢᠨ ᠠᠵᠤ ᠦᠢᠯᠡᠳᠪᠦᠷᠢ ᠪᠠ ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠨ ᠡᠵᠡᠩᠨᠡᠬᠦ ᠨᠢᠭᠡᠴᠡ ᠶᠢᠨ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ ︶︾ ︽ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠨᠠᠷᠢᠯᠢᠭ ᠤᠬᠠᠭᠤᠯᠤᠨ ᠲᠠᠶᠢᠯᠪᠤᠷᠢᠯᠠᠵᠤ᠂ 2025 ᠣᠨ ᠤ ᠠᠶᠤᠯᠲᠠᠢ ᠬᠢᠮᠢ ᠶᠢᠨ ᠪᠣᠳᠠᠰ ᠤᠨ ᠠᠵᠤ ᠦᠢᠯᠡᠳᠪᠦᠷᠢ ᠶᠢᠨ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ ᠠᠵᠢᠯ ᠢ ᠤᠯᠠᠮᠵᠢᠯᠠᠨ ᠪᠠᠶᠢᠷᠢᠯᠠᠭᠤᠯᠪᠠ᠃
4.23应急2.png
      ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠣᠳᠣᠬᠠᠨ ᠤ ᠠᠵᠢᠯ ᠤᠨ ᠰᠠᠭᠤᠷᠢᠨ ᠳᠡᠭᠡᠷ᠎ᠡ᠂ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠮᠤᠷ ᠲᠦᠪᠰᠢᠨ ᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ ᠂ ︽ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠡᠮᠵᠢᠶ᠎ᠡ ᠪᠠᠨ ᠥᠷᠭᠡᠳᠬᠡᠬᠦ ᠬᠡᠷᠡᠭᠲᠡᠶ᠃ ᠡᠯ᠎ᠡ ᠠᠵᠤ ᠠᠬᠤᠶᠢᠯᠠᠯ ᠪᠤᠰᠤᠳ ᠭᠠᠵᠠᠷ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠲᠦᠷᠢᠮ ᠠᠴᠠ ᠵᠥᠷᠢᠴᠡᠨ ᠠᠵᠢᠯᠯᠠᠬᠤ᠂ ᠣᠨᠴᠠᠭᠠᠶ ᠠᠵᠢᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ