4 ᠳ᠋ᠦ᠋ᠭᠡᠷ ᠰᠠᠷ᠎ᠠ ᠶᠢᠨ 21 ᠤ ᠡᠳᠦᠷ᠂ ︽ᠳᠤᠮᠳᠠᠳᠤ ᠤᠯᠤᠰ ᠤᠨ ᠡᠳᠦᠷ ᠤᠨ ᠰᠣᠨᠢᠨ︾ ᠤ ᠲᠡᠷᠢᠭᠦᠨ ᠨᠢᠭᠤᠷ ᠤᠨ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠣᠷᠣᠨ ᠨᠤᠲᠤᠭ ᠲᠠᠬᠢ ᠦᠢᠯᠡᠳᠦᠯᠭᠡ︾ ᠪᠤᠯᠤᠩ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠲᠤᠰᠬᠠᠢ ᠰᠣᠷᠪᠤᠯᠵᠢᠯᠠᠭ᠎ᠠ ︽Inner | Mongolia acts as green power bank︾ ︵ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠵᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠤᠨ᠎ᠠ︶ ᠢ ᠨᠡᠶᠢᠲᠡᠯᠡᠪᠡ᠃ | ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠳᠠᠪᠠᠭᠤᠯᠢᠭ ᠪᠠᠶᠢᠬᠤ ᠪᠣᠢ᠂ ᠨᠢᠳᠤᠨᠤᠨ ᠶᠠᠮᠠᠷ | ᠶᠠᠮᠠᠷ ᠰᠢᠨ᠎ᠡ ᠰᠢᠪᠲᠤᠯᠤᠯᠲᠠ᠂ ᠰᠢᠨ᠎ᠡ ᠬᠢᠯᠠᠰ ᠴᠡᠭ ᠲᠠᠢ ᠪᠣᠯᠤᠭᠰᠠᠨ ᠪᠣᠶ︖ | ᠸᠠᠩ ᠯᠢ ᠰᠢᠶᠠ᠄ ᠨᠢᠭᠡ ᠳᠤ ᠤᠯᠤᠰ ᠤᠨ ᠰᠠᠶᠢᠨ ᠲᠥᠷᠥ ᠶᠢᠨ ᠪᠣᠳᠣᠯᠭ᠎ᠠ᠃ ᠥᠪᠥᠷ ᠮᠣᠩᠭᠤᠯ ᠤᠷᠢᠳ ᠬᠤᠵᠢᠳ ᠤᠯᠤᠰ ᠤᠨ ᠨᠢᠭᠡᠳᠦᠭᠡᠷ ᠪᠦᠯᠦᠭ᠂ | ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠵᠢᠴᠢ ︽ᠡᠯᠡᠰᠦ ᠭᠤᠪᠢ ᠴᠥᠯ︾ ᠭᠠᠵᠠᠷ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠵᠥᠪᠰᠢᠶᠡᠷᠡᠯ ᠢ ᠣᠯᠵᠠᠢ᠃ 2023 ᠣᠨ ᠠᠴᠠ ᠨᠠᠭᠠᠰᠢ᠂ ᠲᠦᠷᠦ ᠶᠢᠨ ᠶᠠᠪᠤᠳᠠᠯ ᠤᠨ ᠬᠤᠷᠢᠶ᠎ᠠ ︽ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠶᠠᠪᠤᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ | ᠥᠪᠥᠷ ᠮᠣᠩᠭᠤᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠪᠠᠭᠤᠯᠭᠠᠭᠠᠳ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠪᠡ᠃ | ᠬᠤᠶᠠᠷ ᠲᠤ ᠰᠠᠯᠬᠢᠨ ᠬᠦᠴᠦᠨ ᠤ ᠪᠠ ᠭᠡᠷᠡᠯᠴᠢ ᠡᠨᠧᠷᠭᠢ ᠶᠢᠨ ᠰᠢᠷᠭᠢᠰᠢ ᠦᠭᠡᠢ ᠡᠯᠪᠡᠭ ᠰᠠᠶᠢᠨ ᠡᠬᠢ ᠪᠠᠶᠠᠯᠢᠭ᠃ ᠰᠠᠯᠬᠢᠨ ᠬᠦᠴᠦᠨ ᠤ ᠡᠨᠧᠷᠭᠢ ᠶᠢᠨ ᠡᠬᠢ | ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 14.6 ᠳ᠋ᠦᠩᠰᠢᠭᠤᠷ ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ | 57% ᠶᠢ ᠡᠵᠡᠯᠡᠨ᠎ᠡ᠂ ᠨᠡᠷᠡᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 94 ᠳ᠋ᠦᠩᠰᠢᠭᠤᠷ | ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ 21% ᠶᠢ ᠡᠵᠡᠯᠡᠵᠦ ᠪᠠᠶᠢᠨ᠎ᠠ᠃ | ᠭᠤᠷᠪᠠ ᠳᠤ ᠪᠡᠭᠡᠵᠢᠩ ᠲᠢᠶᠠᠨᠵᠢᠨ ᠾᠧᠪᠧᠢ ᠯᠦᠭᠡ ᠬᠥᠷᠰᠢᠯᠡᠵᠦ ᠪᠠᠶᠢᠭ᠎ᠠ ᠰᠠᠶᠢᠨ ᠵᠠᠬ᠎ᠠ ᠳᠡᠯᠭᠡᠭᠦᠷ᠃ ᠪᠢᠳᠡ ᠡᠨᠡ ᠬᠦ ᠣᠷᠣᠨ ᠪᠠᠶᠢᠷᠢ ᠶᠢᠨ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠥᠨᠥ | ᠵᠢᠯ ᠤᠨ ᠲᠦᠷᠦᠭᠦᠦ ᠬᠤᠶᠠᠷ ᠰᠠᠷ᠎ᠠ ᠳᠤ᠂ 10 ᠳ᠋ᠦᠩᠰᠢᠭᠤᠷ ᠭᠠᠷᠤᠢ ᠭᠷᠡᠳᠦ᠋ᠰ ᠨᠣᠭᠤᠭᠠᠨ ᠴᠠᠬᠢᠯᠭᠠᠨ ᠢ ᠨᠡᠶᠢᠰᠯᠡᠯ ᠳᠤ ᠬᠦᠷᠭᠡᠪᠡ᠂ ᠡᠨᠡ ᠨᠢ 30 ᠲᠦᠮᠡᠨ | ᠡᠷᠦᠬᠡ ᠶᠢᠨ ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ᠃ | ᠳᠥᠷᠪᠡ ᠳᠤ ᠤᠷᠬᠢᠯ ᠬᠤᠭᠤᠴᠠᠭᠠᠨ ᠳᠤ ᠲᠣᠬᠢᠷᠠᠭᠤᠯᠵᠤ ᠭᠠᠳᠠᠭᠰᠢ ᠬᠦᠷᠭᠡᠬᠦ ᠪᠠᠲᠤ ᠰᠠᠭᠤᠷᠢ᠃ ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠢ | ᠬᠠᠶᠢᠨ ᠲᠣᠳᠣᠯᠠᠭᠰᠠᠨ ᠨᠥᠭᠡᠴᠡ ᠪᠥᠬᠦ ᠤᠯᠤᠰ ᠲᠤ ᠨᠢᠭᠡᠳᠦᠭᠡᠷ ᠲᠤ ᠣᠷᠣᠵᠤ᠂ ᠠᠯᠤᠰ ᠤᠨ ᠬᠠᠳᠠᠭᠠᠯᠠᠭᠳᠠᠴᠠ ᠨᠢ ᠪᠥᠬᠦ ᠤᠯᠤᠰ ᠤᠨ 1/4 ᠶᠢ ᠡᠵᠡᠯᠡᠵᠦ ᠪᠣᠶ᠃ | ᠥᠪᠥᠷ ᠮᠣᠩᠭᠤᠯ ᠳᠤ ᠪᠠᠰᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠣᠷ ᠲᠠᠢ ᠪᠠᠶᠢᠵᠤ᠂ ᠰᠢᠨ᠎ᠡ ᠡᠨᠧᠷᠭᠢ ᠶᠢ ᠴᠠᠬᠢᠯᠭᠠᠨ | ᠬᠦᠴᠦᠨ ᠤ ᠲᠣᠣᠷ ᠲᠤ ᠨᠡᠶᠢᠯᠡᠭᠦᠯᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠬᠦ ᠳᠤ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠣᠬᠢᠶᠠᠯ ᠬᠠᠩᠭᠠᠵᠠᠢ᠃ | ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠣᠶ︖ | ᠸᠠᠩ ᠯᠢ ᠰᠢᠶᠠ᠄ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤᠮᠳᠠ᠂ ᠪᠢᠳᠡ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠬᠤᠷᠠᠭᠤᠯᠤᠨ ᠠᠪᠴᠤ ᠠᠰᠢᠭᠯᠠᠬᠤ ᠶᠢ ᠠᠳᠬᠤᠵᠤ᠂ ᠨᠦᠬᠦᠭᠡ ᠲᠠᠯ᠎ᠠ ᠪᠠᠷ ᠰᠢᠨ᠎ᠡ | ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠳᠬᠤᠪᠠ᠃ | ᠬᠤᠷᠠᠭᠤᠯᠤᠨ ᠠᠪᠴᠤ ᠠᠰᠢᠭᠯᠠᠬᠤ ᠲᠠᠯ᠎ᠠ ᠪᠠᠷ᠂ ᠨᠢᠭᠡ ᠳᠤ ᠬᠤᠷᠠᠭᠤᠯᠤᠨ ᠠᠪᠬᠤ ᠶᠢ ᠰᠠᠶᠢᠲᠤᠷ ᠠᠳᠬᠤᠪᠠ᠂ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ | ᠬᠤᠷᠠᠭᠤᠯᠤᠨ ᠠᠪᠬᠤ 6 ᠲᠥᠷᠥᠯ ᠤᠨ ᠵᠠᠭᠪᠤᠷ ᠢ ᠪᠥᠬᠦ ᠤᠯᠤᠰ ᠲᠤ ᠬᠠᠮᠤᠭ ᠤᠨ ᠲᠦᠷᠦᠭᠦᠨ ᠳᠤ ᠳᠤᠷᠠᠳᠤᠨ ᠭᠠᠷᠭᠠᠵᠤ᠂ ᠰᠢᠨ᠎ᠡ ᠡᠨᠧᠷᠭᠢ ᠶᠢ ᠬᠤᠷᠠᠭᠤᠯᠤᠨ | ᠠᠪᠬᠤ ᠶᠢ ᠠᠬᠢᠭᠤᠯᠬᠤ 23 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠨᠡᠶᠢᠲᠡᠯᠡᠪᠡ᠃ ᠬᠤᠶᠠᠷ ᠲᠤ ᠤᠯᠠᠷᠢᠭᠤᠯᠬᠤ ᠶᠢ | ᠰᠠᠶᠢᠲᠤᠷ ᠠᠳᠬᠤᠪᠠ᠂ ᠪᠢᠳᠡ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠤᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ︽ᠨᠢᠭᠡ | ᠴᠠᠬᠢᠯᠭᠠᠨ ᠪᠠᠶᠢᠭᠰᠠᠨ ᠢ ᠭᠤᠷᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ︾ ᠶᠢ ᠪᠡᠶᠡᠯᠡᠭᠦᠯᠪᠡ᠃ ᠭᠤᠷᠪᠠ ᠳᠤ᠂ ᠡᠨᠧᠷᠭᠢ ᠨᠥᠭᠡᠴᠡᠯᠡᠬᠦ ᠶᠢ ᠰᠠᠶᠢᠲᠤᠷ | ᠠᠳᠬᠤᠪᠠ᠂ ᠰᠢᠨ᠎ᠡ ᠬᠡᠯᠪᠡᠷᠢ ᠪᠦᠬᠦᠢ ᠨᠥᠭᠡᠴᠡ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠬᠡᠯᠪᠡᠷᠢ ᠪᠦᠬᠦᠢ ᠨᠥᠭᠡᠴᠡ | ᠡᠨᠧᠷᠭᠢ ᠶᠢᠨ ᠬᠥᠭᠵᠢᠯᠲᠡ ᠶᠢᠨ ᠲᠤᠰᠬᠠᠢ ᠠᠵᠢᠯᠯᠠᠭᠠᠨ ᠢ ᠥᠷᠨᠢᠭᠦᠯᠪᠡ᠃ | ᠲᠤᠨᠤᠭ ᠲᠥᠬᠦᠭᠡᠷᠦᠮᠵᠢ ᠦᠢᠯᠡᠳᠬᠦ ᠲᠠᠯ᠎ᠠ ᠪᠠᠷ᠂ ᠪᠢᠳᠠ ᠬᠥᠬᠡᠬᠤᠲᠠ᠂ ᠪᠤᠭᠤᠲᠤ᠂ ᠣᠷᠳᠣᠰ᠂ ᠲᠦᠩᠯᠢᠶᠣᠣ ᠵᠡᠷᠭᠡ 4 ᠰᠠᠭᠤᠷᠢᠨ ᠭᠠᠵᠠᠷ ᠢᠶᠠᠷ ᠰᠠᠭᠤᠷᠢ | ᠪᠣᠯᠭᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ᠂ ᠨᠥᠭᠡᠴᠡ ᠡᠨᠧᠷᠭᠢ ᠵᠡᠷᠭᠡ 4 ᠠᠵᠤ ᠦᠢᠯᠡᠰ ᠤᠨ ᠬᠡᠯᠬᠢᠶ᠎ᠡ ᠪᠠᠷ | ᠭᠤᠣᠯᠳᠠᠯᠭ᠎ᠠ ᠪᠣᠯᠭᠠᠨ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠪᠠ᠃ | ᠰᠤᠷᠪᠤᠯᠵᠢᠯᠠᠭᠴᠢ᠄ ᠰᠢᠨ᠎ᠡ ᠡᠨᠧᠷᠭᠢ ᠶᠢᠨ ᠠᠵᠤ ᠦᠢᠯᠡᠰ ᠨᠢ ᠪᠣᠳᠠᠲᠠᠢ ᠪᠠᠷ ᠶᠠᠮᠠᠷ ᠶᠠᠮᠠᠷ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠣᠶ︖ | ᠸᠠᠩ ᠯᠢ ᠰᠢᠶᠠ᠄ ᠪᠣᠳᠠᠲᠠᠢ ᠪᠠᠷ ᠬᠡᠯᠡᠪᠡᠯ᠂ ᠥᠪᠥᠷ ᠮᠣᠩᠭᠤᠯ ᠤᠨ 3 ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠲᠤᠰᠠᠯᠠᠪᠠ᠃ | ᠨᠢᠭᠡ ᠳᠤ ᠬᠦᠳᠡᠯᠭᠡᠭᠴᠢ ᠬᠦᠴᠦᠨ ᠢᠶᠠᠷ ᠨᠡᠩ ᠲᠡᠭᠦᠯᠳᠡᠷ ᠪᠣᠯᠣᠭᠰᠠᠨ ᠬᠥᠭᠵᠢᠯᠲᠡ᠃ ᠨᠢᠳᠤᠨᠤᠨ ᠵᠢᠯ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠳᠠᠬᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ 1/3 ᠰᠢᠬᠠᠮ ᠳᠤ ᠬᠦᠷᠴᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠳᠤ 60% ᠭᠠᠷᠤᠢ ᠪᠠᠷ ᠨᠡᠮᠡᠷᠢᠯᠡᠪᠡ᠃ ᠨᠢᠳᠤᠨᠤᠨ ᠥᠪᠥᠷ ᠮᠣᠩᠭᠤᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.8% ᠪᠠᠷ ᠨᠡᠮᠡᠭᠳᠡᠨ᠂ ᠪᠦᠬᠦ ᠤᠯᠤᠰ ᠲᠤ ᠭᠤᠷᠪᠠᠳᠤᠭᠠᠷ ᠲᠤ ᠣᠷᠣᠪᠠ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠨ᠂ ᠲᠡᠰ ᠳᠠᠷᠠᠭᠠᠯᠠᠯ ᠨᠢ ᠳᠠᠪᠰᠢᠭᠠᠳ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ᠂ ᠪᠦᠬᠦ | ᠤᠯᠤᠰ ᠤᠨ ᠳᠤᠮᠳᠠ ᠲᠦᠪᠰᠢᠨ ᠳᠤ ᠳᠠᠪᠰᠢᠨ ᠣᠷᠣᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 13.6% ᠳᠤ | ᠬᠦᠷᠴᠦ᠂ ᠪᠦᠬᠦ ᠤᠯᠤᠰ ᠲᠤ ᠬᠤᠶᠠᠳᠤᠭᠠᠷ ᠲᠤ ᠣᠷᠣᠪᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ 3 ᠵᠢᠯ | ᠳᠠᠷᠠᠭᠠᠯᠠᠨ ᠪᠦᠬᠦ ᠤᠯᠤᠰ ᠲᠠᠬᠢ ᠨᠢᠭᠡᠳᠦᠭᠡᠷ ᠡᠩᠨᠡᠭᠡ ᠪᠠᠨ ᠪᠠᠲᠤᠯᠠᠪᠠ᠃ | ᠬᠤᠶᠠᠷ ᠲᠤ ᠪᠦᠲᠦᠴᠡ ᠨᠢ ᠨᠡᠩ ᠰᠢᠯᠢᠳᠡᠭ ᠪᠣᠯᠣᠭᠰᠠᠨ ᠬᠥᠭᠵᠢᠯᠲᠡ᠃ ᠨᠢᠳᠤᠨᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ | ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ 20% ᠶᠢ ᠳᠠᠪᠠᠪᠠ᠃ ᠢᠯᠠᠩᠭᠤᠶ᠎ᠠ ᠰᠢᠨ᠎ᠡ ᠡᠨᠧᠷᠭᠢ ᠶᠢ ᠰᠢᠨ᠎ᠡ ᠠᠵᠤ ᠦᠢᠯᠡᠰ ᠪᠠ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠯᠦᠭᠡ ᠡᠪᠴᠡᠯᠳᠦᠭᠦᠯᠦᠨ ᠬᠥᠭᠵᠢᠭᠦᠯᠬᠦ ᠶᠢ ᠠᠬᠢᠭᠤᠯᠪᠠ᠃ | ᠭᠤᠷᠪᠠ ᠳᠤ ᠰᠠᠭᠤᠷᠢ ᠥᠩᠭᠡ ᠨᠢ ᠨᠠᠩ ᠲᠣᠳᠣ ᠪᠣᠯᠣᠭᠰᠠᠨ ᠬᠥᠭᠵᠢᠯᠲᠡ᠃ ᠪᠦᠬᠦ ᠪᠥᠮᠪᠥᠷᠴᠡᠭ ᠲᠠᠬᠢ ᠠᠩᠬᠠᠳᠠᠭᠴᠢ 100% ᠶᠢᠨ ᠨᠣᠭᠤᠭᠠᠨ | ᠴᠠᠬᠢᠯᠭᠠᠨ ᠤ ᠬᠠᠩᠭᠠᠯᠭ᠎ᠠ ᠶᠢᠨ ︽ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ︾ ᠢ ᠣᠷᠳᠣᠰ ᠲᠤ ᠪᠠᠶᠢᠭᠤᠯᠤᠭᠰᠠᠨ ᠪᠥᠭᠡᠳ | ᠪᠤᠭᠤᠲᠤ᠂ ᠲᠦᠩᠯᠢᠶᠣᠣ᠂ ᠤᠯᠠᠭᠠᠨᠬᠠᠳᠠ ᠵᠡᠷᠭᠡ ᠭᠠᠵᠠᠷ ᠲᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ ᠨᠢᠭᠡ ᠪᠦᠯᠦᠭ | ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠪᠠᠨ ᠨᠢᠭᠡ ᠵᠢᠯ ᠤᠷᠢᠳᠴᠢᠯᠠᠨ | ᠪᠡᠶᠡᠯᠡᠭᠦᠯᠵᠦ᠂ ᠪᠣᠬᠢᠷᠲᠤᠯ ᠦᠭᠡᠢ ᠨᠡᠮᠡᠭᠳᠡᠯ ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ︽ᠬᠤᠣᠰ ᠰᠢᠪᠲᠤᠯᠤᠯᠲᠠ︾ ᠶᠢ ᠪᠡᠶᠡᠯᠡᠭᠦᠯᠪᠡ᠃ | ᠰᠤᠷᠪᠤᠯᠵᠢᠯᠠᠭᠴᠢ᠄ ᠥᠪᠥᠷ ᠮᠣᠩᠭᠤᠯ ︽ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ + ᠠᠮᠢ ᠠᠬᠤᠢ ᠶᠢᠨ ᠵᠠᠰᠠᠯᠲᠠ + ᠬᠠᠪᠲᠠᠰᠤ ᠶᠢᠨ ᠳᠣᠣᠷᠠᠬᠢ ᠠᠵᠤ | ᠠᠬᠤᠢ︾ ᠶᠢᠨ ᠪᠡᠶᠡᠲᠦ ᠵᠠᠭᠪᠤᠷ ᠢ ᠬᠡᠷᠬᠢᠨ ᠬᠠᠶᠢᠨ ᠰᠦᠪᠡᠭᠴᠢᠯᠡᠵᠦ ᠭᠠᠷᠭᠠᠭᠰᠠᠨ ᠪᠣᠶ︖ ᠡᠨᠡ ᠬᠦ ᠵᠠᠭᠪᠤᠷ ᠨᠢ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ | ᠠᠬᠤᠢ ᠶᠢᠨ ᠬᠥᠭᠵᠢᠯᠲᠡ ᠳᠤ ᠶᠠᠮᠠᠷ ᠶᠠᠮᠠᠷ ᠪᠣᠳᠠᠲᠠᠢ ᠦᠷ᠎ᠡ ᠠᠰᠢᠭ ᠠᠪᠴᠢᠷᠠᠭᠰᠠᠨ ᠪᠤᠢ︖ | ᠸᠠᠩ ᠯᠢ ᠰᠢᠶᠠ᠄ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠡᠷᠦᠩᠬᠡᠢ ᠵᠠᠷᠯᠢᠭ ᠢ ᠳᠤᠷᠠᠳᠴᠠᠢ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠨᠢᠳᠤᠨᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ | ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠤᠭᠰᠠᠨ ᠪᠠᠶᠢᠪᠠ᠃ 2024 ᠣᠨ ᠤ ᠰᠡᠭᠦᠯᠴᠢ ᠪᠣᠯᠬᠤ ᠳᠤ᠂ ᠪᠢᠳᠡ ᠨᠢᠭᠡ ᠴᠣᠭᠴᠠᠵᠢᠭᠤᠯᠬᠤ | ᠢᠨᠵᠧᠨᠧᠷᠢᠩ ᠢᠶᠠᠷ ᠳᠠᠮᠵᠢᠨ 238 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ ᠢᠵᠢ ᠲᠦᠬᠦᠷᠵᠢᠭᠦᠯᠵᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠪᠠᠨ ᠪᠢᠳᠡ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ | ᠠᠵᠢᠯ ᠢ ᠢᠳᠡᠪᠬᠢᠲᠡᠢ ᠥᠷᠨᠢᠭᠦᠯᠦᠨ᠂ ᠨᠢᠳᠤᠨᠤᠨ ᠤᠯᠠᠨ ᠲᠦᠮᠡᠨ ᠢ ᠳᠠᠶᠢᠴᠢᠯᠠᠭᠠᠳ ᠣᠷᠣᠯᠭ᠎ᠠ ᠶᠢ ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ | | |