ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ | ᠬᠡᠶᠢᠰᠪᠦᠷᠢ ᠭᠠᠪᠢᠶ᠎ᠠ ᠬᠦᠭᠡᠭᠡᠴᠡᠯᠳᠦᠬᠦ ᠶᠢ ᠴᠢᠩᠭ᠎ᠠ ᠴᠡᠭᠡᠷᠯᠡᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ︽ᠬᠡᠯᠪᠡᠷᠢ | ︾ ᠢᠢ ᠴᠢᠬᠤᠯᠠᠴᠢᠯᠠᠭᠠᠳ ︽ᠦᠷ᠎ᠡ ᠪᠦᠲᠦᠮᠵᠢ︾ ᠢᠢ ᠴᠢᠬᠤᠯᠠᠴᠢᠯᠠᠬᠤ ᠦᠭᠡᠢ ᠪᠠᠶᠢᠬᠤ ᠶᠢ ᠰᠡᠷᠭᠡᠶᠢᠯᠡᠵᠦ᠂ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠣᠳᠣᠬᠠᠨ ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠮᠥᠨ ᠯᠡ ᠬᠡᠶᠢᠰᠪᠦᠷᠢ ᠶᠢ ᠬᠦᠭᠡᠭᠡᠴᠡᠯᠳᠦᠭᠡᠳ ᠪᠣᠳᠠᠲᠤ ᠠᠵᠢᠯᠯᠠᠭ᠎ᠠ ᠶᠢ ᠡᠷᠬᠢᠮᠯᠡᠬᠦ ᠦᠭᠡᠢ | ᠪᠠᠶᠢᠳᠠᠯ ᠣᠷᠣᠰᠢᠵᠤ ᠪᠠᠶᠢᠨ᠎ᠠ᠃ ᠵᠠᠷᠢᠮ ᠨᠢ ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠤᠨ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ | ᠂ ᠰᠦᠷ ᠮᠠᠨᠳᠤᠭᠤᠯᠤᠨ᠂ ᠪᠡᠶ᠎ᠡ ᠪᠠᠨ ᠭᠠᠶᠢᠬᠠᠭᠤᠯᠬᠤ ᠯᠡ ᠳᠤᠷᠠᠲᠠᠢ ᠪᠠᠶᠢᠳᠠᠭ︔ ᠵᠠᠷᠢᠮ ᠨᠢ ᠦᠨᠳᠦᠰᠦᠨ ᠱᠠᠲᠤᠨ ᠳᠤ ᠪᠠᠭᠤᠵᠤ ︽ᠦᠵᠡᠭᠦᠯᠭᠡ ᠶᠢᠨ ᠮᠠᠶ᠋ᠢᠭ︾᠂ | ︽ᠵᠤᠬᠢᠶᠠᠮᠠᠯ ᠦᠵᠡᠮᠵᠢ ᠶᠢᠨ ᠮᠠᠶ᠋ᠢᠭ︾ ᠤᠨ ᠪᠠᠶᠢᠴᠠᠭᠠᠨ ᠰᠤᠳᠤᠯᠤᠯᠲᠠ ᠬᠢᠳᠡᠭ︔ ᠵᠠᠷᠢᠮ ᠨᠢ ᠵᠠᠭᠤᠴᠢᠯᠠᠭᠤᠷ ᠤᠨ ᠡᠮᠦᠨ᠎ᠡ ᠠᠮᠠ ᠳᠦᠭᠦᠷᠡᠩ ᠤᠴᠢᠷ ᠶᠤᠰᠤ | ᠶᠠᠷᠢᠵᠤ᠂ ᠬᠠᠷᠢᠭᠤ ᠮᠡᠳᠡᠭᠦᠯᠦᠯᠲᠡ ᠳᠡᠭᠡᠨ ᠡᠷᠡᠰ ᠰᠢᠭᠤᠷᠬᠠᠢ ᠣᠪᠣᠷ ᠢᠶᠠᠨ ᠢᠯᠡᠳᠬᠡᠳᠡᠭ ᠴᠦ᠂ ᠨᠠᠶᠢᠳᠠᠪᠤᠷᠢᠵᠢᠭᠤᠯᠬᠤ ᠦᠶ᠎ᠡ ᠳᠤ ᠬᠠᠷᠢᠨ ︽ᠪᠠᠷᠰ ᠤᠨ | ᠲᠤᠯᠤᠭᠠᠢ ᠪᠠᠷ ᠡᠬᠢᠯᠡᠵᠤ ᠮᠤᠭᠠᠢ ᠶᠢᠨ ᠰᠡᠭᠦᠯ ᠢᠶᠠᠷ ᠰᠢᠪᠲᠤᠷᠠᠳᠠᠭ︾ ᠁ ᠡᠶᠢᠮᠦᠷᠬᠦᠦ ᠬᠠᠭᠤᠷᠮᠠᠭᠯᠠᠨ ᠣᠪᠯᠠᠬᠤ᠂ ᠨᠡᠷᠡᠭᠦᠢ ᠨᠢᠳᠤᠷᠭ᠎ᠠ ᠪᠤᠯᠪᠠᠰᠤᠷᠠᠬᠤ ᠮᠡᠲᠦ ᠶᠢᠨ | ᠦᠢᠯᠡ ᠠᠵᠢᠯᠯᠠᠭ᠎ᠠ ᠳᠤ᠂ ᠡᠷᠬᠡᠪᠰᠢ ᠪᠣᠳᠠᠲᠠᠢ ᠱᠠᠭᠠᠷᠳᠠᠯᠭ᠎ᠠ ᠶᠢ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠭᠡᠰᠢᠭᠦᠨ | ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠣᠨᠣᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠦᠨᠡᠨ ᠬᠦ ᠰᠠᠶᠢᠲᠤᠷ | ᠠᠳᠬᠤᠵᠤ᠂ ᠴᠡᠭᠴᠡᠯᠡᠨ ᠰᠠᠶᠢᠵᠢᠷᠠᠭᠤᠯᠬᠤ ᠲᠣᠪᠤᠶᠢᠮ᠎ᠠ ᠠᠰᠠᠭᠤᠳᠠᠯ ᠢ ᠦᠨᠡᠨ ᠬᠦ ᠪᠠᠶᠢᠴᠠᠭᠠᠨ ᠦᠵᠡᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠲᠤᠰᠠᠲᠠᠢ | ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠭᠵᠢᠯᠲᠡ ᠶᠢ ᠠᠬᠢᠭᠤᠯᠵᠤ᠂ ᠠᠷᠠᠳ ᠤᠨ ᠢᠲᠡᠭᠡᠯ ᠢ ᠣᠯᠬᠤ ᠬᠡᠷᠡᠭᠲᠡᠢ᠃ | ︽ᠬᠡᠶᠢᠰᠪᠦᠷᠢ ᠡᠷᠳᠡᠮ︾ ᠢ ᠴᠡᠭᠡᠷᠯᠡᠬᠦ ᠳᠤ᠂ ᠫᠠᠢ ᠪᠠᠨ ᠣᠨᠣᠪᠴᠢᠲᠠᠢ ᠣᠯᠵᠤ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠰᠤᠷᠲᠠᠯ ᠤᠨ | ᠠᠰᠠᠭᠤᠳᠠᠯ ᠤᠨ ᠢᠯᠡᠷᠡᠯ ᠨᠢ ᠤᠯᠠᠨ ᠶᠠᠩᠵᠤ ᠶᠢᠨ ᠪᠠᠶᠢᠵᠤ᠂ ᠪᠤᠢ ᠪᠣᠯᠤᠭᠰᠠᠨ ᠰᠢᠯᠲᠠᠭᠠᠨ ᠨᠢ ᠨᠠᠷᠢᠨ ᠪᠤᠳᠤᠯᠢᠶᠠᠨᠲᠠᠢ ᠪᠠᠶᠢᠳᠠᠭ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠪᠣᠯ ᠰᠤᠷᠲᠠᠯ ᠤᠨ ᠠᠰᠠᠭᠤᠳᠠᠯ ᠤᠨ ᠲᠥᠪᠯᠡᠷᠡᠩᠭᠦᠢ ᠢᠯᠡᠷᠡᠯ ᠮᠥᠨ᠂ ᠶᠠᠮᠠᠷ ᠠᠰᠠᠭᠤᠳᠠᠯ | ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠰᠶᠢᠳᠪᠦᠷᠢᠯᠡᠵᠦ᠂ ᠶᠠᠮᠠᠷ ᠠᠰᠠᠭᠤᠳᠠᠯ ᠲᠤᠯᠭᠠᠮ ᠪᠠᠶᠢᠪᠠᠯ ᠲᠡᠷᠡ ᠠᠰᠠᠭᠤᠳᠠᠯ ᠢ ᠱᠠᠯᠠᠪᠳᠠᠨ | ᠰᠶᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠲᠥᠪᠯᠡᠷᠡᠯ ᠤᠨ ᠵᠠᠢ ᠶᠢ ᠲᠠᠭᠠᠷᠠᠭᠤᠯᠬᠤ᠂ ᠪᠠᠯᠴᠢᠷ ᠢ ᠣᠨᠣᠪᠴᠢᠲᠠᠶ ᠡᠷᠢᠬᠦ᠂ ᠠᠮᠢᠨ ᠭᠠᠵᠠᠷ ᠢ ᠨᠢ ᠠᠳᠬᠤᠬᠤ ᠪᠠᠷ | ᠳᠠᠮᠵᠢᠭᠤᠯᠵᠤ᠂ ᠪᠣᠳᠠᠲᠠᠢ ᠠᠵᠢᠯᠯᠠᠭᠰᠠᠨ ᠦᠭᠡᠢ ᠠᠰᠠᠭᠤᠳᠠᠯ ᠢ ᠭᠤᠣᠯᠳᠠᠯᠭ᠎ᠠ ᠲᠠᠢ ᠰᠶᠢᠳᠪᠦᠷᠢᠯᠡᠵᠦ᠂ ᠠᠷᠠᠳ ᠤᠯᠠᠨ ᠤ ᠠᠰᠢᠭ ᠲᠤᠰᠠ ᠶᠢᠨ ᠲᠠᠯ᠎ᠠ ᠪᠠᠷ | ᠬᠠᠮᠠᠭᠠᠯᠠᠬᠤ ᠦᠭᠡᠢ᠂ ᠠᠵᠢᠯ ᠬᠢᠬᠦ ᠦᠭᠡᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠶᠢᠳᠪᠦᠷᠢᠯᠡᠵᠦ᠂ ᠠᠮᠵᠢᠨ ᠵᠢᠷᠭᠠᠬᠤ ᠦᠵᠡᠯ ᠰᠠᠨᠠᠭ᠎ᠠ ᠪᠠ ᠣᠨᠴᠠ | ᠡᠷᠬᠡ ᠶᠢᠨ ᠦᠵᠡᠭᠳᠡᠯ ᠢ ᠭᠤᠣᠯᠳᠠᠯᠭ᠎ᠠ ᠲᠠᠢ ᠲᠡᠪᠴᠢᠵᠦ᠂ ᠪᠦᠷᠢᠯᠭᠡᠨ ᠰᠦᠢᠳᠬᠡᠵᠦ ᠵᠢᠷᠭᠠᠨ ᠴᠡᠩᠭᠡᠬᠦ ᠪᠠ ᠣᠮᠣᠷᠬᠠᠭ ᠲᠠᠩᠬᠠᠢ ᠤᠵᠢᠳ ᠰᠠᠮᠠᠭᠤᠨ ᠮᠠᠭᠤ | ᠰᠤᠷᠲᠠᠯ ᠢ ᠭᠤᠣᠯᠳᠠᠯᠭ᠎ᠠ ᠲᠠᠢ ᠬᠤᠷᠢᠭᠯᠠᠨ ᠵᠣᠭᠰᠣᠭᠠᠬᠤ ᠬᠡᠷᠡᠭᠳᠡᠢ᠃ | ︽ᠬᠤᠭᠤᠰᠤᠨ ᠯᠠᠷᠵᠢᠶ᠎ᠠ︾ ᠶᠢ ᠴᠡᠭᠡᠷᠯᠡᠬᠦ ᠳᠤ᠂ ᠪᠣᠳᠠᠲᠠᠢ ᠳᠤ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠬᠢᠬᠦ ᠶᠢ ᠨᠡᠩ ᠪᠣᠳᠠᠲᠠᠢ ᠶᠢ ᠡᠷᠬᠢᠮᠯᠡᠬᠦ ᠪᠣᠯᠭᠠᠬᠤ | ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠪᠣᠯ ᠤᠴᠢᠷ ᠶᠠᠪᠤᠳᠠᠯ ᠢ ᠪᠣᠳᠣᠯᠬᠢᠯᠠᠬᠤ ᠶᠢᠨ ᠰᠠᠭᠤᠷᠢ᠂ ᠤᠴᠢᠷ ᠶᠠᠪᠤᠳᠠᠯ ᠢ ᠪᠦᠲᠦᠭᠡᠬᠦ ᠶᠢᠨ ᠶᠣᠰᠣ ᠮᠥᠨ᠂ ᠠᠷᠠᠳ | ᠲᠦᠮᠡᠨ ᠢᠶᠠᠷ ᠪᠠᠭᠰᠢ ᠪᠠᠷᠢᠵᠤ᠂ ᠠᠷᠠᠳ ᠲᠦᠮᠡᠨ ᠠᠴᠠ ᠰᠤᠷᠤᠯᠴᠠᠵᠤ᠂ ᠯᠠᠷᠵᠢᠶ᠎ᠠ ᠶᠠᠩᠪᠠ ᠪᠠᠨ ᠲᠠᠶᠠᠭᠳᠠᠨ᠂ ᠪᠡᠶ᠎ᠡ ᠪᠠᠷ ᠢᠶᠠᠨ ᠴᠢᠷᠮᠠᠶᠢᠵᠤ᠂ ᠤᠯᠠᠨ ᠲᠦᠮᠡᠨ ᠲᠠᠢ | ᠣᠶᠢᠷᠠᠳᠴᠤ᠂ ᠤᠯᠠᠨ ᠲᠦᠮᠡᠨ ᠤ ᠪᠠᠶᠢᠳᠠᠯ ᠢ ᠣᠶᠢᠯᠠᠭᠠᠬᠤ ᠬᠡᠷᠡᠭᠲᠡᠢ᠃ ᠠᠵᠢᠯ ᠤᠨ ᠪᠠᠶᠢᠳᠠᠯ ᠨᠢ ᠰᠠᠶᠢᠨ ᠪᠥᠭᠡᠳ ᠲᠡᠷᠢᠭᠦᠨ ᠤ ᠭᠠᠵᠠᠷ ᠣᠷᠣᠨ ᠳᠤ ᠣᠴᠢᠵᠤ | ᠲᠤᠷᠰᠢᠯᠭ᠎ᠠ ᠪᠠᠨ ᠳ᠋ᠦᠩᠨᠡᠬᠦ ᠮᠥᠷᠲᠡᠭᠡᠨ ᠪᠠᠰᠠ ᠤᠯᠠᠨ ᠲᠦᠮᠡᠨ ᠤ ᠰᠠᠨᠠᠯ ᠤᠯᠠᠨ᠂ ᠠᠵᠢᠯ ᠢᠶᠠᠨ ᠪᠠᠷᠤᠭᠲᠠᠢ ᠬᠢᠭᠰᠡᠨ ᠭᠠᠵᠠᠷ ᠣᠷᠣᠨ ᠳᠤ ᠣᠴᠢᠵᠤ᠂ ᠬᠦᠴᠢᠷ | ᠪᠡᠷᠬᠡᠰᠢᠶᠡᠯ ᠨᠡᠯᠢᠶᠡᠳ ᠤᠯᠠᠨ᠂ ᠪᠠᠶᠢᠳᠠᠯ ᠪᠤᠳᠤᠯᠢᠶᠠᠨᠲᠠᠢ᠂ ᠵᠥᠷᠢᠴᠡᠯ ᠬᠤᠷᠴᠠ ᠰᠢᠷᠦᠭᠦᠨ ᠭᠠᠵᠠᠷ ᠣᠷᠣᠨ ᠳᠤ ᠣᠴᠢᠵᠤ ᠪᠠᠶᠢᠴᠠᠭᠠᠨ ᠰᠤᠳᠤᠯᠤᠯᠲᠠ ᠬᠢᠵᠦ᠂ | ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠬᠦᠴᠦ ᠪᠠᠨ | ᠲᠠᠯᠪᠢᠬᠤ ᠬᠡᠷᠡᠭᠲᠡᠢ᠃ | ︽ᠬᠡᠶᠢᠰᠪᠦᠷᠢ ᠪᠠᠰᠢᠷ︾ ᠢ ᠴᠡᠭᠡᠷᠯᠡᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠬᠤᠪᠢ ᠶᠢᠨ ᠪᠠᠶᠢᠷᠢᠯᠠᠭᠤᠯᠤᠯᠲᠠ᠂ ᠵᠢᠰᠦᠨ ᠬᠤᠪᠢ ᠶᠢᠨ | ᠨᠠᠶᠢᠳᠠᠪᠤᠷᠢᠵᠢᠭᠤᠯᠤᠯᠲᠠ᠂ ᠨᠢᠭᠡ ᠰᠡᠳᠬᠢᠯ ᠢᠶᠠᠷ ᠪᠣᠳᠠᠲᠤ ᠠᠵᠢᠯᠯᠠᠭ᠎ᠠ ᠶᠢ ᠡᠷᠬᠢᠮᠯᠡᠵᠤ᠂ ᠬᠦᠴᠦᠨ ᠴᠢᠳᠠᠯ ᠢᠶᠠᠨ ᠰᠢᠪᠬᠠᠨ ᠪᠣᠳᠠᠲᠤ ᠦᠷ᠎ᠡ ᠪᠦᠲᠦᠮᠵᠢ ᠶᠢ ᠡᠷᠬᠢᠮᠯᠡᠪᠡᠯ | ᠰᠠᠶ᠋ᠢ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ ᠴᠢᠳᠠᠨ᠎ᠠ᠃ ᠠᠵᠢᠯ ᠤᠨ ᠳᠤᠮᠳᠠ ︽ᠬᠠᠭᠤᠷᠮᠠᠭ ᠶᠡᠭᠡ ᠬᠤᠭᠤᠰᠤᠨ︾ ᠢ ᠲᠠᠶᠠᠭᠳᠠᠵᠤ᠂ ︽ | ᠬᠤᠭᠤᠰᠤᠨ ᠠᠮᠠᠯᠠᠯᠲᠠ︾ ᠬᠢᠬᠦ ᠦᠭᠡᠢ ᠪᠠᠶᠢᠵᠤ᠂ ᠨᠠᠮ ᠤᠨ ᠲᠥᠪ ᠬᠤᠷᠢᠶ᠎ᠡ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠯᠠᠨ ᠤ ᠬᠦᠴᠦᠨ ᠢ | ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠪᠣᠳᠠᠲᠤ | ᠦᠷ᠎ᠡ ᠪᠦᠲᠦᠮᠵᠢ ᠣᠯᠬᠤ ᠬᠡᠷᠡᠭᠲᠡᠢ᠃ | ᠠᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠲᠤᠬᠠᠢ ᠠᠷᠠᠳ ᠤᠯᠠᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ ᠶᠤᠮ᠃ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠴᠠᠭ ᠢᠮᠠᠭᠲᠠ ᠪᠡᠶ᠎ᠡ ᠪᠠᠨ ᠰᠡᠩᠬᠡᠷᠡᠭᠦᠯᠵᠤ᠂ ᠬᠡᠶᠢᠰᠪᠦᠷᠢ ᠶᠢ ᠴᠡᠭᠡᠷᠯᠡᠨ ᠪᠣᠳᠠᠲᠠᠢ ᠶᠢ ᠡᠷᠬᠢᠮᠯᠡᠬᠦ ᠪᠠᠷ ᠴᠢᠷᠮᠠᠶᠢᠵᠤ᠂ ᠰᠤᠷᠤᠯᠴᠠᠯᠭ᠎ᠠ | ᠬᠥᠮᠦᠵᠢᠯ ᠢ ᠵᠢᠷᠦᠬᠡ ᠲᠠᠷᠢᠬᠢᠨ ᠳᠠᠭᠠᠨ ᠬᠠᠳᠠᠩᠰᠢᠭᠤᠯᠤᠨ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ | ᠠᠬᠢᠭᠤᠯᠵᠤ᠂ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ︵ᠰᠢᠨᠬᠤᠸᠠ ᠬᠤᠷᠢᠶ᠎ᠡ ᠶᠢᠨ ᠪᠡᠭᠡᠵᠢᠩ ᠤᠨ ᠴᠠᠬᠢᠯᠭᠠᠨ ᠮᠡᠳᠡᠭᠡ︶ | | |