4 ᠰᠠᠷ᠎ᠠ ᠶᠢᠨ 21 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ᠠᠵᠤ | ᠦᠢᠯᠡᠳᠪᠦᠷᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠬᠤᠰᠢᠭᠤᠨ ᠤ | ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠪᠠ ᠬᠤᠸᠠᠷ ᠫᠤᠤᠵᠢᠩ ᠤᠨ ᠡᠵᠡᠩᠨᠡᠯᠲᠡ ᠶᠢᠨ ᠳᠡᠯᠭᠡᠭᠦᠷ ᠤᠨ ᠭᠤᠤᠯ ᠬᠠᠷᠢᠭᠤᠴᠠᠯᠭᠠᠲᠠᠨ ᠨᠡᠶᠢᠲᠡ 30 ᠬᠥᠮᠦᠨ | ᠬᠤᠷᠠᠯ ᠳᠤ ᠣᠷᠣᠯᠴᠠᠪᠠ᠃ | | | | ᠬᠤᠷᠠᠯ ᠠᠴᠠ᠂ ᠲᠣᠰᠣ ᠨᠡᠮᠡᠬᠦ ᠥᠷᠲᠡᠭᠡ ᠵᠢᠴᠢ ᠬᠤᠸᠠᠷ ᠫᠤᠤᠵᠢᠩ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠨᠡᠶᠢᠲᠡᠯᠢᠭ ᠠᠳᠡᠯ ᠬᠡᠷᠡᠭ ᠤᠨ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠵᠢᠶᠠᠩᠰᠦ᠂ ᠵᠧᠵᠢᠶᠠᠩ ᠳᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠤᠶᠠᠷ ᠨᠡᠯᠢᠶᠡᠳ | ᠶᠡᠭᠡ ᠠᠳᠡᠯ ᠤᠨ ᠵᠠᠷᠯᠠᠯ ᠢ ᠰᠤᠷᠤᠯᠴᠠᠨ ᠤᠯᠠᠮᠵᠢᠯᠠᠵᠤ᠂ ︽ᠬᠢᠮᠢ ᠶᠢᠨ ᠠᠵᠤ ᠦᠢᠯᠡᠳᠪᠦᠷᠢ ᠪᠠ ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠨ ᠡᠵᠡᠩᠨᠡᠬᠦ | ᠨᠢᠭᠡᠴᠡ ᠶᠢᠨ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ | ︶︾ ︽ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ | ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠨᠠᠷᠢᠯᠢᠭ ᠤᠬᠠᠭᠤᠯᠤᠨ ᠲᠠᠶᠢᠯᠪᠤᠷᠢᠯᠠᠵᠤ᠂ 2025 ᠣᠨ ᠤ ᠠᠶᠤᠯᠲᠠᠢ ᠬᠢᠮᠢ ᠶᠢᠨ ᠪᠣᠳᠠᠰ ᠤᠨ ᠠᠵᠤ | ᠦᠢᠯᠡᠳᠪᠦᠷᠢ ᠶᠢᠨ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ ᠠᠵᠢᠯ ᠢ ᠤᠯᠠᠮᠵᠢᠯᠠᠨ ᠪᠠᠶᠢᠷᠢᠯᠠᠭᠤᠯᠪᠠ᠃ | ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠣᠳᠣᠬᠠᠨ ᠤ ᠠᠵᠢᠯ ᠤᠨ ᠰᠠᠭᠤᠷᠢᠨ | ᠳᠡᠭᠡᠷ᠎ᠡ᠂ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠮᠥᠨ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠮᠤᠷ ᠲᠦᠪᠰᠢᠨ ᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ | ᠂ ︽ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠠᠶᠤᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠵᠢᠯ ᠤᠨ ᠬᠡᠮᠵᠢᠶ᠎ᠡ ᠪᠠᠨ ᠥᠷᠭᠡᠳᠬᠡᠬᠦ ᠬᠡᠷᠡᠭᠲᠡᠶ᠃ ᠡᠯ᠎ᠡ ᠠᠵᠤ ᠠᠬᠤᠶᠢᠯᠠᠯ ᠪᠤᠰᠤᠳ ᠭᠠᠵᠠᠷ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠶ | ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠲᠦᠷᠢᠮ ᠠᠴᠠ | ᠵᠥᠷᠢᠴᠡᠨ ᠠᠵᠢᠯᠯᠠᠬᠤ᠂ ᠣᠨᠴᠠᠭᠠᠶ ᠠᠵᠢᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | | |