ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠵᠥᠭᠡᠯᠡᠨ ᠪᠣᠳᠠᠲᠤ ᠬᠦᠴᠦᠨ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ︽ᠪᠠᠷᠠᠭᠤᠨ ᠬᠤᠰᠢᠭᠤᠨ ᠤ ᠬᠤᠨᠢᠨ | ᠮᠢᠬ᠎ᠠ︾ ᠤᠯᠤᠰ ᠤᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ︽ᠪᠠᠷᠠᠭᠤᠨ | ᠬᠤᠰᠢᠭᠤᠨ ᠤ ᠬᠤᠨᠢᠨ ᠮᠢᠬ᠎ᠠ︾ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠭᠦᠨ ᠬᠠᠭᠠᠯᠪᠤᠷᠢᠯᠠᠵᠤ᠂ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠬᠢᠯᠠᠰ ᠴᠡᠭ ᠢ ᠡᠭᠦᠳᠦᠨ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠨ ᠬᠥᠭᠵᠢᠯᠲᠡ ᠶᠢ ᠠᠬᠢᠭᠤᠯᠬᠤ︾ ᠠᠵᠢᠯ ᠤᠨ | ᠣᠶᠢᠯᠠᠭᠠᠭᠳᠠᠬᠤᠨ ᠢ ᠪᠠᠷᠢᠮᠲᠠᠯᠠᠬᠤ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ︽ᠪᠠᠷᠠᠭᠤᠨ ᠬᠤᠰᠢᠭᠤᠨ ᠤ ᠬᠤᠨᠢᠨ ᠮᠢᠬ᠎ᠠ︾ | ᠤᠯᠤᠰ ᠤᠨ ᠭᠠᠵᠠᠷ ᠵᠦᠶ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ | ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠪᠠᠷᠠᠭᠤᠨ ᠬᠤᠰᠢᠭᠤᠨ ᠤ ᠬᠤᠨᠢᠨ ᠮᠢᠬ᠎ᠠ ᠶᠢ ᠬᠠᠮᠠᠭᠠᠯᠠᠬᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ | ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠶ ᠶᠢᠨ ᠲᠡᠮᠳᠡᠭᠳᠦ | ᠪᠦᠲᠦᠭᠡᠭᠳᠡᠬᠦᠨ ᠤ ᠬᠠᠮᠠᠭᠠᠯᠠᠯᠲᠠ ᠶᠢᠨ ᠠᠵᠢᠯ ᠤᠨ ᠤᠶᠠᠯᠳᠤᠯ ᠤᠨ ᠴᠡᠭ ᠤᠨ ᠲᠣᠭᠤᠷᠢᠨ ᠳᠤ ᠡᠯ᠎ᠡ ᠬᠦᠷᠢᠶ᠎ᠡ ᠴᠠᠷᠠᠭ᠎ᠠ᠂ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ | ᠤᠶᠠᠯᠳᠤᠭᠤᠯᠤᠨ ᠶᠠᠷᠢᠯᠴᠠᠨ ᠰᠣᠯᠢᠯᠴᠠᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠶ ᠶᠢᠨ ᠲᠡᠮᠳᠡᠭᠳᠦ ᠬᠠᠮᠠᠭᠠᠯᠠᠯᠲᠠ ᠶᠢᠨ | ᠪᠦᠲᠦᠭᠡᠭᠳᠡᠬᠦᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠪᠠᠶᠢᠭᠤᠯᠬᠤ ᠳᠤ ᠠᠷᠭ᠎ᠠ ᠤᠬᠠᠭᠠᠨ ᠭᠠᠷᠭᠠᠪᠠ᠃ | ᠬᠤᠷᠠᠯ ᠠᠴᠠ᠂ ᠦᠨᠡᠨᠴᠢ ᠢᠲᠡᠭᠡᠮᠵᠢ ᠶᠢᠨ ᠲᠥᠷᠥᠯ ᠲᠡᠮᠳᠡᠭᠲᠦ ᠶᠢ ᠡᠭᠦᠳᠬᠦ ᠪᠣᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ | ᠨᠥᠯᠥᠭᠡᠯᠡᠬᠦ ᠬᠦᠴᠦᠨ ᠢ ᠪᠥᠬᠦ ᠬᠦᠴᠦᠨ ᠢᠶᠠᠷ ᠢᠶᠠᠨ ᠥᠷᠭᠡᠳᠬᠡᠬᠦ ᠬᠦᠴᠦᠲᠡᠶ ᠠᠷᠭ᠎ᠠ ᠬᠡᠮᠵᠢᠶ᠎ᠡ ᠮᠥᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ | ᠭᠠᠵᠠᠷ ᠵᠦᠶ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠳᠡᠯᠭᠡᠭᠦᠷ ︵ᠬᠥᠯᠥᠨ ᠤ ᠰᠤᠪᠤᠳ ᠪᠠᠷᠠᠭᠤᠨ | ᠬᠤᠰᠢᠭᠤᠨ ᠤ ᠬᠤᠨᠢᠨ ᠮᠢᠬ᠎ᠠ ᠶᠢᠨ ᠬᠤᠰᠢᠭᠤᠴᠢ ᠳᠡᠯᠭᠡᠭᠦᠷ︶ ᠢ ᠪᠥᠲᠥᠭᠡᠨ ᠪᠠᠶᠢᠭᠤᠯᠬᠤ ᠪᠠᠷ ᠭᠠᠷᠳᠠᠨ ᠬᠢᠬᠦ ᠴᠡᠭ ᠪᠣᠯᠭᠠᠵᠤ᠂ ︽ᠪᠠᠷᠠᠭᠤᠨ ᠬᠤᠰᠢᠭᠤᠨ ᠤ ᠬᠤᠨᠢᠨ | ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ᠂ ᠪᠣᠷᠣᠯᠠᠭᠤᠯᠬᠤ ᠠᠯᠳᠠᠷᠰᠢᠯ ᠪᠠ ᠨᠥᠯᠥᠭᠡᠯᠡᠬᠦ ᠬᠦᠴᠦᠨ ᠢ ᠪᠠᠳᠠᠷᠠᠭᠤᠯᠬᠤ ᠶᠢᠨ ᠬᠠᠮᠲᠤ᠂ ᠬᠠᠤᠯᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠠᠭᠠᠯᠳᠤᠯᠭ᠎ᠠ ᠶᠢ ᠰᠢᠢᠳᠪᠦᠷᠢᠯᠡᠬᠦ ᠪᠠ ᠦᠨᠡᠯᠡᠨ ᠱᠠᠩᠨᠠᠵᠤ ᠰᠢᠢᠳᠬᠡᠨ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠦᠨ | ᠪᠠᠶᠢᠭᠤᠯᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠵᠢᠱᠢᠶ᠎ᠡ ᠦᠵᠡᠭᠦᠯᠬᠦ ᠴᠡᠭ ᠤᠨ ᠨᠠᠷᠠᠲᠤ ᠲᠥᠷᠥᠯ ᠲᠡᠮᠳᠡᠭᠲᠦ ᠶᠢ ᠭᠡᠷᠡᠯᠳᠦᠭᠦᠯᠵᠦ᠂ ︽ᠦᠨᠡᠨᠴᠢ | ᠢᠲᠡᠭᠡᠮᠵᠢᠲᠡᠶ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | |