ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ | ᠂ ᠺᠠᠳ᠋ᠷ ᠠᠵᠢᠯᠲᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠣᠶᠢᠯᠠᠭᠠᠬᠤ ᠪᠠ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ 4 ᠰᠠᠷ᠎ᠠ ᠶᠢᠨ 22 ᠤᠨ ᠡᠳᠦᠷ᠂ ᠤᠯᠤᠰ ᠤᠨ ᠠᠮᠤᠷ ᠲᠦᠪᠰᠢᠨ ᠤ ᠬᠠᠤᠯᠢ ᠵᠢᠴᠢ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠮᠡᠳᠡᠯᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ | ᠲᠣᠪᠴᠢᠶ᠎ᠠ ᠶᠢᠨ ᠡᠯ᠎ᠡ ᠲᠠᠰᠤᠭ ᠤᠨ ᠠᠵᠢᠯᠲᠠᠳ ᠢᠳᠡᠪᠬᠢᠲᠡᠶ ᠣᠷᠣᠯᠴᠠᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠬᠠᠯᠠᠭᠤᠨ | ᠥᠷᠨᠢᠯᠲᠡ ᠶᠢ ᠪᠣᠶ ᠪᠣᠯᠭᠠᠪᠠ᠃ | | | | ᠤᠷᠤᠯᠳᠤᠭᠠᠨ ᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠬᠤᠷᠴᠠ ᠰᠢᠷᠦᠭᠦᠨ ᠪᠥᠭᠡᠳ ᠡᠮᠬᠢ ᠵᠢᠷᠤᠮ ᠲᠠᠢ | ᠪᠠᠶᠢᠯ᠎ᠠ᠃ ᠤᠷᠤᠯᠳᠤᠭᠠᠨ ᠤ ᠰᠡᠳᠦᠪ ᠤᠨ ᠬᠡᠯᠪᠡᠷᠢ ᠨᠢ ᠪᠠᠶᠠᠯᠢᠭ ᠣᠯᠠᠨ ᠶᠠᠩᠵᠤ ᠶᠢᠨ ᠪᠠᠶᠢᠵᠤ᠂ ᠡᠭᠦᠨ ᠳᠤ ᠰᠣᠩᠭᠤᠬᠤ ᠰᠡᠳᠦᠪ᠂ ᠣᠯᠠᠨ ᠰᠣᠩᠭᠤᠬᠤ ᠰᠡᠳᠦᠪ᠂ | ᠮᠠᠭᠠᠳᠯᠠᠬᠤ ᠰᠡᠳᠦᠪ ᠵᠢᠴᠢ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢᠨ ᠰᠡᠳᠦᠪ ᠵᠡᠷᠭᠡ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠤᠨ ᠤᠯᠤᠰ ᠤᠨ ᠠᠮᠤᠷ | ᠲᠦᠪᠰᠢᠨ ᠤ ᠬᠠᠤᠯᠢ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠮᠡᠳᠡᠯᠭᠡ ᠶᠢᠨ ᠨᠥᠭᠡᠴᠡ ᠪᠠ ᠬᠡᠷᠡᠭᠯᠡᠭᠡᠨ ᠤ ᠴᠢᠳᠠᠪᠤᠷᠢ ᠶᠢ ᠪᠥᠬᠦ | ᠲᠠᠯ᠎ᠠ ᠪᠠᠷ ᠰᠢᠨᠵᠢᠯᠡᠨ ᠪᠠᠶᠢᠴᠠᠭᠠᠪᠠ᠃ ᠬᠡᠷᠡᠭ ᠤᠨ ᠵᠢᠱᠢᠶ᠎ᠡ ᠶᠢ ᠵᠠᠳᠠᠯᠬᠤ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠰᠣᠷᠣᠭᠰᠠᠨ ᠮᠡᠳᠡᠯᠭᠡ ᠪᠠᠨ | ᠬᠡᠷᠡᠭᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠲᠠᠭᠠᠯ ᠠᠴᠠ ᠵᠥᠷᠢᠴᠡᠭᠰᠡᠨ ᠪᠤᠳᠤᠯᠢᠶᠠᠨᠲᠠᠶ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠵᠦ | ᠂ ᠵᠦᠶ ᠵᠣᠬᠢᠰᠲᠠᠶ ᠰᠢᠢᠳᠪᠦᠷᠢᠯᠡᠬᠦ ᠲᠥᠰᠦᠯ ᠳᠤᠷᠠᠳᠴᠤ᠂ ᠲᠡᠳᠡᠨ ᠤ ᠲᠤᠰᠬᠠᠶ ᠮᠡᠷᠭᠡᠵᠢᠯ ᠤᠨ ᠯᠠᠪᠳᠠᠭᠤᠨ ᠪᠠᠲᠤᠲᠠᠶ ᠬᠡᠪ ᠪᠣᠯᠪᠠᠰᠤᠷᠠᠯ ᠪᠠ ᠠᠮᠢᠳᠤᠯᠢᠭ ᠠᠷᠭᠠᠴᠠᠬᠤ | ᠴᠢᠳᠠᠪᠤᠷᠢ ᠶᠢ ᠭᠦᠢᠴᠡᠳ ᠢᠯᠡᠷᠡᠭᠦᠯᠪᠡ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ | ᠱᠠᠩᠨᠠᠯ ᠢ ᠰᠣᠩᠭᠤᠨ ᠭᠠᠷᠭᠠᠪᠠ᠃ ᠱᠠᠩᠨᠠᠯ ᠬᠦᠷᠲᠡᠭᠰᠡᠳ᠂ ᠲᠣᠰ ᠤᠳᠠᠭᠠᠨ ᠤ ᠤᠷᠤᠯᠳᠤᠭᠠᠨ ᠪᠣᠯ ᠨᠢᠭᠡ ᠤᠳᠠᠭᠠᠨ ᠤ ᠮᠡᠳᠡᠯᠭᠡ ᠶᠢᠨ ᠮᠥᠷᠦ᠋ᠢᠴᠡᠭᠡᠨ ᠪᠣᠯᠬᠤ ᠪᠠᠷ | ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠥᠪᠡᠷ ᠢ ᠪᠠᠨ ᠳᠡᠭᠡᠭᠰᠢᠯᠡᠭᠦᠯᠬᠦ ᠡᠷᠬᠢᠮ ᠨᠠᠨᠳᠢᠨ ᠲᠣᠬᠢᠶᠠᠯ ᠮᠥᠨ᠂ ᠤᠷᠤᠯᠳᠤᠭᠠᠨ ᠢᠶᠠᠷ ᠳᠡᠮᠵᠢᠨ᠂ ᠲᠡᠳᠡ | ᠤᠯᠤᠰ ᠤᠨ ᠠᠮᠤᠷ ᠲᠦᠪᠰᠢᠨ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠨᠠᠩ ᠭᠦᠨᠵᠡᠭᠡᠶ | ᠲᠠᠨᠢᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠳᠤᠮᠳᠠ ᠪᠠᠨ ᠰᠣᠷᠣᠭᠰᠠᠨ ᠢᠶᠠᠨ ᠬᠡᠷᠡᠭᠯᠡᠵᠦ᠂ ᠤᠯᠤᠰ ᠤᠨ ᠠᠮᠤᠷ ᠲᠦᠪᠰᠢᠨ ᠪᠠ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | |