ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ  ᠱᠦᠵᠢ ᠰᠢ ᠶᠢᠨ ᠫᠢᠩ ᠤᠨ ᠪᠠᠶᠢᠭᠤᠯᠤᠮᠵᠢ ᠣᠷᠣᠨ ᠲᠤᠭ᠎ᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠪᠠᠶᠢᠭᠤᠯᠤᠮᠵᠢ ᠣᠷᠣᠨ ᠲᠤᠭ᠎ᠠ ᠶᠢᠨ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠸᠠᠩ ᠸᠠᠩ ᠱᠧᠩ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠡᠭᠦᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠭᠦᠨᠵᠡᠭᠡᠢ ᠤᠢᠢᠯᠠᠭᠠᠨ ᠡᠵᠡᠮᠰᠢᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠤᠬᠠᠮᠰᠠᠷ ᠠᠴᠠ ᠪᠠᠨ ᠡᠭᠦᠨ ᠢᠶᠠᠷ ᠪᠠᠶᠢᠭᠤᠯᠤᠮᠵᠢ ᠣᠷᠣᠨ ᠲᠤᠭ᠎ᠠ ᠶᠢᠨ ᠠᠵᠢᠯ ᠤᠨ ᠦᠢᠯᠡᠳᠦᠯᠭᠡ ᠶᠢ ᠵᠢᠯᠣᠭᠤᠳᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠲᠤᠬᠢᠷᠠᠭᠤᠯᠬᠤ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠵᠦ ᠣᠷᠣᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠠᠭᠤᠰᠤᠯᠴᠠᠬᠤ ᠠᠵᠢᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠭᠤᠣᠯ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠭᠦᠷᠭᠡ ᠴᠢᠳᠠᠪᠬᠢ ᠶᠢ ᠰᠢᠯᠢᠳᠡᠭᠵᠢᠭᠦᠯᠬᠦ᠂ ᠣᠷᠣᠨ ᠲᠤᠭ᠎ᠠ ᠶᠢᠨ ᠬᠠᠩᠭᠠᠯᠭ᠎ᠠ ᠵᠡᠷᠭᠡ ᠠᠵᠢᠯ ᠢ ᠣᠨᠣᠪᠴᠢᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠠᠷᠠᠳ ᠤᠨ ᠠᠮᠢᠳᠤᠷᠠᠯ ᠤᠨ ᠠᠩᠬᠠᠷᠴᠤ ᠪᠠᠢᠭ᠎ᠠ  ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠪᠠᠢᠭᠤᠯᠤᠮᠵᠢ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠤᠶᠢᠯᠠᠭᠠᠭᠳᠠᠬᠤᠨ᠂ ᠰᠡᠳᠬᠢᠮᠵᠢ ᠪᠠ ᠠᠷᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠵᠡᠷᠭᠡ ᠭᠤᠤᠯᠳᠠᠯᠭ᠎ᠠ ᠲᠠᠢ ᠲᠤᠰᠬᠠᠶ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠠᠶᠢᠭᠤᠯᠤᠮᠵᠢ ᠣᠷᠣᠨ ᠲᠤᠭ᠎ᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠳᠤ ᠶᠢᠨ  ᠪᠠᠶᠢᠭ᠎ᠠ ᠣᠷᠣᠨ ᠲᠤᠭ᠎ᠠ ᠶᠢᠨ ᠡᠬᠢ ᠪᠠᠶᠠᠯᠢᠭ ᠢ ᠤᠷᠢᠳ ᠢᠶᠠᠷ ᠭᠦᠢᠯᠭᠡᠭᠡᠭᠦᠯᠦᠨ ᠰᠠᠶᠢᠲᠤᠷ ᠬᠡᠷᠡᠭᠯᠡᠬᠦ ᠶᠢᠨ ᠬᠠᠮᠲᠤ ᠺᠠᠳ᠋ᠷ ᠢ ᠬᠠᠯᠠᠮᠵᠢᠯᠠᠨ ᠬᠠᠶᠢᠷᠠᠯᠠᠬᠤ ᠡᠭᠦᠳᠡᠨ ᠠᠴᠠ ᠺᠠᠳ᠋ᠷ ᠤᠨ ᠵᠦᠢ ᠵᠣᠬᠢᠰᠲᠠᠢ ᠰᠢᠯᠵᠢᠬᠦ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠡᠯ᠎ᠡ ᠱᠠᠲᠤᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠭᠠᠷᠳᠠᠴᠠ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠤᠷᠲᠠᠯ ᠰᠢᠯᠢᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ