ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 58 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 58 ᠳ᠋ᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠢᠦᠶ ᠸᠧᠶ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 24 ᠳ᠋ᠦ᠋ᠭᠡᠷ ᠬᠤᠷᠠᠯᠳᠤᠭᠠᠨ ᠤ ᠵᠥᠪᠯᠡᠬᠦ ᠵᠦᠢᠯ ︵ᠲᠥᠰᠦᠯ︶ ᠪᠠ ᠡᠳᠦᠷ ᠤᠨ ᠳᠠᠷᠠᠭᠠᠯᠠᠯ ︵ᠲᠥᠰᠦᠯ︶ ᠢ ᠪᠠᠲᠤᠯᠠᠪᠠ᠃ ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠭᠤᠯᠴᠢᠯᠠᠯ ᠤᠨ ︽ᠨᠢᠭᠡ ᠬᠠᠤᠯᠢ ᠨᠢᠭᠡ ᠳᠦᠷᠢᠮ︾ ᠢ ᠥᠷᠨᠢᠭᠦᠯᠬᠦ᠂ ᠠᠵᠢᠯ ᠣᠯᠭᠤᠯᠲᠠ ᠶᠢ ᠠᠬᠢᠭᠤᠯᠬᠤ ︽ᠨᠢᠭᠡ ᠬᠠᠤᠯᠢ ᠨᠢᠭᠡ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠠᠴᠠ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠬᠢᠭᠤᠯᠬᠤ ᠳᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ  ᠪᠠᠶᠢᠴᠠᠭᠠᠯᠳᠠ ᠶᠢ ᠬᠡᠷᠡᠭᠵᠢᠭᠦᠯᠬᠦ ᠲᠥᠰᠦᠯ ᠵᠡᠷᠭᠡ ᠵᠦᠢᠯᠡᠰ ᠢ ᠰᠣᠨᠣᠰᠴᠤ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ︵ᠲᠥᠰᠦᠯ︶᠂ ᠲᠥᠰᠦᠪ ᠤᠨ ᠠᠵᠢᠯ ᠤᠨ ᠬᠤᠷᠢᠶ᠎ᠠ ᠶᠢᠨ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ︵ᠲᠥᠰᠦᠯ︶︾ ᠢ ᠬᠢᠨᠠᠨ ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ ︵ᠲᠥᠰᠦᠯ︶᠂ 2024 ᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠮᠡᠳᠡᠭᠦᠯᠦᠯᠲᠡ ︵ᠲᠥᠰᠦᠯ︶᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠦᠯ︶ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠵᠡᠷᠭᠡ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 24 ᠳ᠋ᠦ᠋ᠭᠡᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠵᠦᠢᠯᠡᠰ ᠢ ᠰᠣᠨᠣᠰᠴᠤ ᠬᠢᠨᠠᠨ ᠵᠥᠪᠯᠡᠪᠡ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ