4 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ 66 ᠳ᠋ᠤᠭᠠᠷ ᠬᠤᠷᠠᠯ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠢᠦᠶ ᠸᠧᠶ ᠳ᠋ᠦᠩ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ | ᠴᠢᠳᠠᠪᠬᠢ ᠲᠤᠰᠢᠶᠠᠯ ᠬᠠᠷᠢᠭᠤᠴᠠᠯᠭ᠎ᠠ ᠳᠤ ᠰᠠᠭᠤᠷᠢᠯᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ | ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠶ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠢᠳᠡᠪᠬᠢᠲᠡᠶ ᠬᠠᠮᠵᠢᠯᠴᠠᠨ ᠠᠵᠢᠯ ᠢᠶᠠᠨ ᠰᠠᠶᠢᠲᠤᠷ | ᠬᠢᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠲᠠᠢ ᠤᠶᠠᠯᠳᠤᠭᠤᠯᠵᠤ᠂ | ᠣᠨ ᠤ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠲᠠᠢ ᠤᠶᠠᠯᠳᠤᠭᠤᠯᠵᠤ᠂ ᠬᠢᠷᠢ ᠲᠡᠩᠴᠡᠭᠰᠡᠨ ᠪᠠᠶᠢᠳᠠᠯ ᠢᠶᠠᠷ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ | ᠰᠠᠶᠢᠲᠤᠷ ᠠᠳᠬᠤᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ |