ᠪᠠᠷᠢᠮᠵᠢᠶᠠᠯᠠᠨ ᠬᠠᠷᠭᠤᠭᠤᠯᠵᠤ ᠵᠥᠷᠢᠶ᠎ᠡ ᠪᠠᠨ ᠡᠷᠢᠵᠦ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠠᠰᠠᠭᠤᠳᠠᠯ ᠤᠨ ᠨᠠᠷᠢᠨ ᠳᠠᠩᠰᠠ ᠭᠠᠷᠭᠠᠵᠤ᠂ | ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠪᠠ︔ ᠬᠢᠨᠠᠯᠲᠠ ᠲᠠᠯᠪᠢᠬᠤ ᠴᠣᠩᠬᠤ ᠶᠢ ᠨᠡᠭᠡᠭᠡᠵᠦ᠂ ᠰᠠᠨᠠᠯ ᠰᠠᠨᠠᠭᠤᠯᠭ᠎ᠠ ᠶᠢ ᠬᠤᠷᠢᠶᠠᠬᠤ ᠡᠭᠦᠳᠡ ᠶᠢ | ᠨᠡᠭᠡᠭᠡᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠰᠠᠨᠠᠯ ᠢ ᠬᠤᠷᠢᠶᠠᠵᠤ᠂ ᠡᠯ᠎ᠡ ᠲᠠᠯ᠎ᠠ ᠶᠢᠨ ᠬᠢᠨᠠᠯᠲᠠ ᠶᠢ ᠬᠦᠯᠢᠶᠡᠪᠡ ᠁ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠡᠯ᠎ᠡ | ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠠᠰᠠᠭᠤᠳᠠᠯ ᠢ ᠴᠢᠩᠭ᠎ᠠ ᠪᠣᠳᠠᠲᠠᠢ ᠪᠠᠶᠢᠴᠠᠭᠠᠨ ᠳᠡᠯᠭᠡᠵᠦ᠂ ᠰᠤᠷᠲᠠᠯ ᠤᠨ ᠳᠠᠯᠳᠠ ᠠᠷᠬᠠᠬ ᠢ ᠴᠢᠩᠭ᠎ᠠ ᠪᠠᠶᠢᠴᠠᠭᠠᠨ | ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠳᠤ ᠣᠨᠣᠪᠴᠢᠲᠠᠢ ᠴᠢᠭᠯᠡᠯ ᠬᠠᠩᠭᠠᠪᠠ᠃ | ᠪᠠᠶᠢᠴᠠᠭᠠᠬᠤ ᠪᠣᠯ ᠰᠤᠷᠤᠯᠴᠠᠬᠤ ᠶᠢᠨ ᠦᠷᠭᠦᠯᠵᠢᠯᠡᠯ᠂ ᠴᠡᠭᠴᠡᠯᠡᠨ ᠰᠠᠶᠢᠵᠢᠷᠠᠭᠤᠯᠬᠤ ᠶᠢᠨ ᠤᠳᠤᠷᠢᠳᠤᠮᠵᠢ ᠮᠥᠨ᠃ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠵᠠᠯᠠᠷᠠᠭᠤᠯᠬᠤ᠂ ᠠᠰᠠᠭᠤᠳᠠᠯ ᠢ ᠣᠨᠣᠪᠴᠢᠲᠠᠢ ᠪᠠᠶᠢᠴᠠᠭᠠᠨ ᠳᠡᠯᠭᠡᠬᠦ ᠪᠣᠯ ᠰᠤᠷᠲᠠᠯ ᠢ ᠬᠤᠪᠢᠷᠠᠭᠤᠯᠬᠤ ᠵᠠᠩᠭᠢᠯᠠᠭ᠎ᠠ ᠶᠢᠨ ᠰᠢᠪᠲᠤᠯᠤᠯᠲᠠ ᠶᠢᠨ ᠴᠡᠭ | ᠮᠥᠨ᠃ ᠠᠰᠠᠭᠤᠳᠠᠯ ᠢ ᠪᠠᠶᠢᠴᠠᠭᠠᠨ ᠳᠡᠯᠭᠡᠬᠦ ᠡᠷᠴᠢᠮ ᠨᠢ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠰᠢᠭᠤᠳ ᠲᠣᠭᠲᠠᠭᠠᠵᠤ ᠪᠠᠶᠢᠳᠠᠭ᠃ ᠭᠠᠭᠴᠠ ᠬᠦ | ᠠᠰᠠᠭᠤᠳᠠᠯ ᠳᠤ ᠵᠣᠷᠢᠭᠲᠠᠢ ᠵᠥᠪ ᠬᠠᠨᠳᠤᠵᠤ᠂ ᠠᠰᠠᠭᠤᠳᠠᠯ ᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠪᠠᠯ ᠰᠠᠶ᠋ᠢ ᠡᠪᠡᠳᠴᠢᠨ ᠤ ᠦᠨᠳᠦᠰᠦ ᠶᠢ ᠣᠨᠣᠪᠴᠢᠲᠠᠢ ᠣᠯᠵᠤ᠂ | ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠰᠤᠷᠤᠯᠴᠠᠯᠭ᠎ᠠ ᠬᠥᠮᠦᠵᠢᠯ ᠢ ᠬᠠᠰᠢ ᠶᠠᠰᠢ ᠪᠠᠷ ᠥᠩᠭᠡᠷᠡᠭᠦᠯᠬᠦ ᠦᠭᠡᠢ᠂ ᠬᠡᠯᠪᠡᠷᠢ ᠶᠢᠨ ᠲᠡᠳᠦᠢ ᠪᠢᠰᠢ ᠪᠤᠯᠭᠠᠵᠤ | ᠴᠢᠳᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ | ᠭᠦᠨᠵᠡᠭᠡᠶ ᠪᠠᠶᠢᠴᠠᠭᠠᠨ ᠡᠷᠢᠵᠦ᠂ ᠠᠩᠬᠠᠷᠤᠯ ᠢᠶᠠᠨ ᠨᠠᠷᠢᠨ ᠤᠨᠤᠪᠴᠢᠳᠠᠢ ᠲᠥᠪᠯᠡᠷᠡᠭᠦᠯᠬᠦ ᠳᠤᠮᠳᠠ ᠡᠪᠡᠳᠴᠢᠨ ᠤ ᠦᠨᠳᠦᠰᠦ ᠶᠢ ᠭᠦᠨ ᠠᠭᠤᠳᠠᠯᠵᠤ᠂ ᠠᠰᠠᠭᠤᠳᠠᠯ ᠢ | ᠣᠨᠣᠪᠴᠢᠲᠠᠶ ᠪᠦᠷᠢᠨ ᠡᠷᠢᠵᠦ᠂ ᠪᠠᠶᠢᠴᠠᠭᠠᠬᠤ ᠳᠤ ᠡᠷᠴᠢᠮ ᠲᠠᠢ᠂ ᠡᠷᠢᠬᠦ ᠳᠤ ᠭᠦᠨᠴᠡ ᠲᠠᠢ ᠪᠠᠶᠢᠬᠤ ᠶᠢ ᠪᠠᠲᠤᠯᠠᠬᠤ ᠬᠡᠷᠡᠭᠳᠡᠢ᠃ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠵᠣᠷᠢᠭᠲᠠᠢ ᠪᠠᠷ ᠳᠤᠲᠠᠭᠳᠠᠯ ᠢᠶᠠᠨ ᠢᠯᠡᠴᠢᠯᠡᠨ ᠨᠠᠵᠠᠭᠠᠢ ᠲᠠᠯ᠎ᠠ ᠪᠠᠨ ᠬᠡᠯᠡᠵᠤ᠂ ᠵᠠᠶᠢᠯᠠᠬᠤ ᠦᠭᠡᠢ᠂ ᠨᠢᠭᠤᠬᠤ ᠦᠭᠡᠢ ᠪᠠᠶᠢᠵᠤ᠂ ᠥᠪᠡᠷ ᠢ ᠪᠠᠨ | ᠪᠠᠭᠲᠠᠭᠠᠨ ᠤᠷᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠨ ᠤᠷᠤᠭᠤᠯᠵᠤ᠂ ᠠᠵᠢᠯ ᠢᠶᠠᠨ ᠪᠠᠭᠲᠠᠭᠠᠨ ᠤᠷᠤᠭᠤᠯᠵᠤ᠂ ᠤᠯᠠᠨ ᠬᠠᠷᠠᠭᠠᠰᠤ᠂ ᠪᠦᠬᠦ ᠲᠠᠯ᠎ᠠ᠂ | ᠭᠦᠨ ᠳᠠᠪᠬᠤᠷᠭ᠎ᠠ ᠠᠴᠠ ᠥᠪᠡᠷ ᠪᠡᠶ᠎ᠡ ᠶᠢᠨ ᠪᠠᠶᠢᠴᠠᠭᠠᠯᠲᠠ ᠬᠢᠵᠦ᠂ ᠰᠤᠷᠤᠯᠴᠠᠯᠭ᠎ᠠ ᠬᠥᠮᠦᠵᠢᠯ ᠢᠶᠠᠷ ᠠᠵᠢᠯ ᠤᠨ ᠰᠤᠷᠲᠠᠯ ᠤᠨ ᠬᠤᠪᠢᠷᠠᠯᠲᠠ ᠶᠢ ᠦᠨᠡᠨ ᠬᠦ | ᠠᠬᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠪᠠᠶᠢᠴᠠᠭᠠᠬᠤ ᠳᠤ᠂ ᠡᠷᠬᠡᠪᠰᠢ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠶ ᠲᠥᠪᠯᠡᠷᠡᠭᠦᠯᠵᠦ᠂ ᠪᠣᠳᠠᠲᠠᠶ ᠨᠠᠶᠢᠳᠠᠪᠤᠷᠢᠵᠢᠭᠤᠯᠵᠤ᠂ ︽ᠶᠡᠭᠡ | ᠤᠰᠤ ᠪᠠᠷ ᠨᠡᠯᠦ᠋ᠲᠡᠯᠡ ᠤᠰᠤᠯᠠᠬᠤ︾ ᠮᠠᠶ᠋ᠢᠭ ᠢᠶᠠᠷ ᠪᠦᠳᠦᠭᠦᠯᠢᠭ ᠪᠠᠶᠢᠵᠤ ᠪᠣᠯᠬᠤ ᠥᠬᠡᠶ ᠮᠥᠷᠲᠡᠭᠡᠨ ︽ᠦᠬᠦᠮᠡᠯ︾ ᠮᠠᠶ᠋ᠢᠭ ᠢᠶᠠᠷ ᠠᠷᠭᠠᠴᠠᠭᠠᠵᠤ ᠪᠣᠯᠬᠤ ᠥᠬᠡᠶ᠃ | ᠣᠳᠣᠬᠠᠨ ᠳᠤ ᠣᠨᠴᠠ ᠵᠠᠷᠢᠮ ᠭᠠᠵᠠᠷ ᠣᠷᠣᠨ ᠳᠤ ︽ᠬᠦᠨᠳᠦ ᠠᠴᠠ ᠵᠠᠶᠢᠯᠠᠵᠤ ᠬᠥᠩᠭᠡᠨ ᠢ ᠡᠷᠢᠵᠤ︾ ᠬᠦᠩᠭᠡᠨ ᠬᠠᠭᠤᠮᠠᠭᠠᠢ ᠬᠠᠨᠳᠤᠬᠤ᠂ ︽ᠡᠪᠡᠳᠴᠢᠨ ᠢᠶᠠᠨ | ᠨᠢᠭᠤᠭᠠᠳ ᠡᠮᠨᠡᠭᠦᠯᠬᠦ ᠦᠭᠡᠢ︾ ᠨᠢᠭᠤᠨ ᠳᠠᠯᠳᠠᠯᠠᠬᠤ᠂ ︽ᠭᠤᠲᠤᠯ ᠤᠨ ᠭᠠᠳᠠᠨ᠎ᠠ ᠠᠴᠠ ᠮᠠᠭᠠᠵᠢᠵᠤ︾ ᠦᠩᠭᠡᠨ ᠲᠠᠯ᠎ᠡ ᠶᠢ ᠴᠡᠭᠴᠡᠯᠡᠨ ᠰᠠᠶᠢᠵᠢᠷᠠᠭᠤᠯᠬᠤ ᠵᠡᠷᠭᠡ | ᠪᠠᠶᠢᠳᠠᠯ ᠣᠷᠣᠰᠢᠵᠤ ᠪᠤᠢ᠃ ᠡᠷᠬᠡᠪᠰᠢ ᠨᠡᠩ ᠡᠷᠡᠰ ᠣᠪᠣᠷ᠂ ᠨᠡᠩ ᠰᠢᠨᠵᠢᠯᠡᠬᠦ ᠤᠬᠠᠭᠠᠨᠴᠢ ᠠᠷᠭ᠎ᠠ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ | ︽ᠪᠠᠶᠢᠴᠠᠭᠠᠬᠤ︾ ᠢᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠳᠡᠭ ᠢ ᠪᠢᠳᠡᠨ ᠳᠤ ᠰᠡᠷᠡᠮᠵᠢᠯᠡᠭᠦᠯᠵᠦ ᠪᠠᠶᠢᠨ᠎ᠠ᠃ ᠭᠠᠭᠴᠠ ᠬᠦ ᠬᠢᠳᠤᠭᠠᠨ ᠤ ᠢᠷ ᠢ ᠳᠣᠲᠣᠭᠰᠢ | ᠬᠠᠨᠳᠤᠭᠤᠯᠬᠤ᠂ ᠶᠠᠰᠤ ᠶᠢ ᠬᠤᠰᠤᠨ ᠬᠤᠣᠷ ᠢ ᠨᠢ ᠠᠷᠢᠯᠭᠠᠵᠤ᠂ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ᠂ ᠨᠠᠷᠢᠯᠢᠭ ᠣᠨᠣᠪᠴᠢᠲᠠᠢ ᠪᠠᠶᠢᠴᠠᠭᠠᠪᠠᠯ ᠰᠠᠶ᠋ᠢ ︽ | ᠦᠨᠡᠨ ᠠᠰᠠᠭᠤᠳᠠᠯ ᠢ ᠪᠠᠶᠢᠴᠠᠭᠠᠨ ᠭᠠᠷᠭᠠᠵᠤ ᠥᠯᠤ ᠳᠡᠶᠢᠯᠬᠦ︾ ᠬᠠᠴᠢᠨ ᠪᠠᠶᠢᠳᠠᠯ ᠠᠴᠠ ᠮᠤᠯᠳᠤᠷᠠᠵᠦ᠂ ︽ᠬᠠᠭᠤᠴᠢᠨ ᠠᠰᠠᠭᠤᠳᠠᠯ ᠰᠢᠨ᠎ᠡ ᠬᠡᠯᠪᠡᠷᠢ ᠪᠠᠷ ᠢᠯᠡᠷᠡᠬᠦ︾ | ᠬᠤᠪᠢᠷᠠᠯᠲᠠ ᠶᠢ ᠰᠡᠷᠭᠡᠶᠢᠯᠡᠵᠦ᠂ ᠬᠠᠭᠤᠴᠢᠨ ᠠᠰᠠᠭᠤᠳᠠᠯ ᠲᠠᠬᠢᠨ ᠡᠭᠦᠰᠭᠦ᠂ ᠰᠢᠨ᠎ᠡ ᠠᠰᠠᠭᠤᠳᠠᠯ ᠡᠭᠦᠰᠭᠦ᠂ ᠪᠠᠭ᠎ᠠ ᠠᠰᠠᠭᠤᠳᠠᠯ ᠶᠡᠬᠡᠰᠬᠦ ᠶᠢ ᠦᠨᠳᠦᠰᠦᠨ ᠠᠴᠠ ᠨᠢ | ᠬᠤᠷᠢᠭᠯᠠᠵᠤ ᠴᠢᠳᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠥᠪᠡᠷ ᠪᠡᠶ᠎ᠡ ᠳᠡᠭᠡᠨ ᠬᠤᠪᠢᠰᠬᠠᠯ ᠬᠢᠬᠦ ᠰᠥᠰᠥ | ᠵᠣᠷᠢᠭ ᠢᠶᠠᠷ ᠠᠵᠢᠯ ᠤᠨ ᠳᠤᠲᠠᠭᠤᠳᠠᠯ᠂ ᠰᠤᠷᠲᠠᠯ ᠤᠨ ᠬᠡᠮ ᠰᠣᠭᠤᠭ ᠢ ᠬᠢᠨᠠᠨ ᠰᠢᠨᠵᠢᠵᠦ᠂ ︽ᠪᠢᠯᠵᠤᠤᠬᠠᠢ ᠶᠢ ᠲᠤᠶᠠᠴᠢᠬᠤ︾ ᠨᠠᠷᠢᠯᠢᠭ ᠠᠵᠢᠯᠯᠠᠭ᠎ᠠ ᠪᠣᠯᠤᠨ ︽ | ᠲᠤᠭᠤᠰᠢᠳᠠᠢ ᠬᠡᠷᠡᠭᠵᠢᠭᠦᠯᠬᠦ︾ ᠪᠠᠷ ᠲᠠᠬᠤᠯ ᠠᠷᠬᠠᠭ ᠬᠡᠮ ᠢ ᠠᠭᠤᠳᠠᠯᠤᠨ ᠭᠠᠷᠭᠠᠵᠤ ᠡᠮᠨᠡᠨ ᠵᠠᠰᠠᠬᠤ ᠬᠡᠷᠡᠭᠲᠡᠢ᠃ | ᠪᠠᠶᠢᠴᠠᠭᠠᠬᠤ ᠳᠤ᠂ ᠡᠷᠬᠡᠪᠰᠢ ︽ᠡᠭᠦᠳᠡ ᠪᠠᠨ ᠨᠡᠭᠡᠭᠡᠵᠦ ᠣᠨᠣᠰᠢᠯᠠᠨ ᠡᠮᠨᠡᠬᠦ︾ ᠶᠢ ᠪᠠᠷᠢᠮᠲᠠᠯᠠᠬᠤ ᠬᠡᠷᠡᠭᠲᠡᠢ᠂ ᠬᠠᠷᠢᠨ ︽ᠡᠭᠦᠳᠡ ᠪᠠᠨ ᠲᠦᠭᠵᠢᠵᠦ | ᠥᠪᠡᠷ ᠤᠨ ᠬᠢ︾ ᠪᠠᠷ ᠢᠶᠠᠨ ᠪᠠᠶᠢᠵᠤ ᠪᠣᠯᠬᠤ ᠦᠭᠡᠢ᠃ ᠪᠠᠶᠢᠴᠠᠭᠠᠨ ᠲᠡᠯᠭᠡᠬᠦ ᠠᠷᠭ᠎ᠠ ᠵᠠᠮ ᠢ ᠭᠦᠢᠴᠡᠳ ᠥᠷᠭᠡᠵᠢᠭᠦᠯᠵᠦ᠂ ᠨᠠᠮ ᠤᠨ ᠲᠥᠪ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠥᠪᠡᠷ ᠢ ᠪᠠᠨ ᠴᠢᠩᠭ᠎ᠠ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠪᠠᠷ ᠪᠠᠷᠠᠬᠤ ᠦᠭᠡᠢ᠂ | ᠪᠠᠰᠠ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠬᠡᠷᠡᠭᠯᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ | ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ | ᠵᠡᠷᠭᠡ ᠤᠯᠠᠨ ᠠᠷᠭ᠎ᠠ ᠵᠠᠮ ᠢᠶᠠᠷ ︽ᠪᠠᠶᠢᠳᠠᠯ ᠢ ᠵᠠᠳᠠᠯᠵᠤ ᠣᠨᠣᠰᠢᠯᠠᠬᠤ︾ ᠶᠢ ᠠᠰᠢᠭᠯᠠᠵᠤ᠂ ᠤᠯᠠᠨ ᠲᠦᠮᠡᠨ ᠤ ᠣᠷᠣᠯᠴᠠᠬᠤ ᠶᠢ ᠨᠡᠩ ᠴᠢᠬᠤᠯᠠᠴᠢᠯᠠᠵᠤ᠂ ᠤᠯᠠᠨ | ᠲᠦᠮᠡᠨ ᠤ ᠬᠢᠨᠠᠯᠲᠠ ᠶᠢ ᠬᠦᠯᠢᠶᠡᠵᠦ᠂ ᠤᠯᠠᠨ ᠲᠦᠮᠡᠨ ᠤ ︽ᠤᠴᠠᠭᠠᠷᠯᠠᠨ ᠶᠠᠩᠰᠢᠬᠤ︾ ᠳᠤᠮᠳᠠ ᠠᠴᠠ ᠠᠰᠠᠭᠤᠳᠠᠯ ᠢ ᠢᠯᠡᠷᠡᠭᠦᠯᠵᠦ᠂ ᠤᠯᠠᠨ ᠲᠦᠮᠡᠨ ᠤ ︽ | ᠭᠡᠷ ᠤᠨ ᠵᠣᠭᠤᠭ︾ ᠠᠴᠠ ᠰᠦᠪᠡᠭᠴᠢ ᠡᠷᠢᠵᠦ᠂ ᠥᠪᠡᠷ ᠢ ᠪᠠᠨ ᠪᠠᠶᠢᠴᠠᠭᠠᠬᠤ ᠪᠠ ᠪᠤᠰᠤᠳ ᠢᠶᠠᠷ ᠪᠠᠶᠢᠴᠠᠭᠠᠯᠭᠠᠬᠤ ᠶᠢ ᠤᠶᠠᠯᠳᠤᠭᠤᠯᠬᠤ᠂ ᠱᠠᠯᠠᠪᠳᠠᠭᠤᠯᠤᠨ | ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠶᠢ ᠬᠤᠯᠪᠣᠯᠳᠤᠭᠤᠯᠬᠤ ᠶᠢ ᠦᠨᠡᠨ ᠬᠦ ᠪᠡᠶᠡᠯᠡᠭᠦᠯᠵᠦ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠲᠠᠯᠳᠠᠯᠠᠬᠤ ᠭᠠᠵᠠᠷ | ᠦᠭᠡᠢ ᠪᠤᠯᠭᠠᠬᠤ ᠬᠡᠷᠡᠭᠳᠡᠢ᠃ ᠡᠭᠦᠨ ᠤ ᠬᠠᠮᠲᠤ᠂ ᠤᠳᠤ ᠪᠠᠶᠢᠭ᠎ᠠ ᠲᠦᠷᠢᠮ ᠤᠨ ᠵᠢᠷᠤᠮᠵᠢᠯ ᠢ ᠬᠡᠷᠡᠭᠯᠡᠨ ᠬᠢᠵᠠᠭᠠᠷᠯᠠᠭᠰᠠᠨ ᠰᠠᠭᠤᠷᠢᠨ ᠳᠡᠭᠡᠷ᠎ᠡ᠂ ᠬᠢᠨᠠᠯᠲᠠ ᠲᠠᠯᠪᠢᠬᠤ | ᠠᠷᠭ᠎ᠠ ᠪᠠᠷᠢᠯ᠂ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠪᠦᠬᠦᠨ ᠢ ᠪᠦᠷᠬᠦᠭᠦᠯᠬᠦ᠂ ᠥᠨᠴᠥᠭ | ᠪᠤᠯᠤᠩ ᠦᠯᠡᠳᠡᠭᠡᠯ ᠦᠭᠡᠢ ᠪᠠᠶᠢᠯᠭᠠᠬᠤ ᠶᠢ ᠦᠨᠡᠨ ᠬᠦ ᠪᠡᠶᠡᠯᠡᠭᠦᠯᠬᠦ ᠭᠡᠷᠡᠭᠲᠡᠢ᠃ | ᠰᠤᠷᠲᠠᠯ ᠤᠨ ᠠᠰᠠᠭᠤᠳᠠᠯ ᠨᠢ ᠪᠤᠷᠤᠩᠬᠤᠶ ᠴᠢᠨᠠᠷ ᠪᠠ ᠳᠠᠬᠢᠨ ᠳᠠᠪᠲᠠᠬᠤ ᠴᠢᠨᠠᠷ ᠲᠠᠢ ᠪᠠᠶᠢᠳᠠᠭ᠂ ᠰᠤᠯᠠ ᠲᠠᠯᠪᠢᠪᠠᠯ ᠳᠠᠬᠢᠨ ᠢᠯᠡᠷᠡᠵᠦ᠂ ᠵᠢᠭᠠᠬᠠᠨ | ᠤᠬᠤᠷᠢᠪᠠᠯ ᠤᠷᠢᠳᠤᠬᠢ ᠴᠢᠷᠮᠠᠶᠢᠯᠭ᠎ᠠ ᠨᠢ ᠬᠤᠭᠤᠰᠣᠳᠠᠵᠤ ᠮᠡᠳᠡᠨ᠎ᠡ᠃ ᠭᠠᠭᠴᠠ ᠬᠦ ᠴᠠᠭ ᠢᠮᠠᠭᠲᠠ ᠰᠡᠷᠡᠮᠵᠢᠯᠡᠭᠦᠯᠵᠦ᠂ ︽ᠮᠢᠺᠷᠣᠰᠺᠣᠫ︾ ᠢᠶᠠᠷ ᠨᠠᠷᠢᠨ ᠵᠦᠢᠯᠡᠰ ᠢ | ᠪᠠᠶᠢᠴᠠᠭᠠᠵᠤ᠂ ︽ᠲᠣᠮᠣᠷᠠᠭᠤᠯᠬᠤ ᠰᠢᠯ︾ ᠢᠶᠠᠷ ᠦ ᠰᠡᠪ ᠢ ᠡᠷᠢᠪᠡᠯ ᠰᠠᠶᠢ ᠴᠢᠩᠭ᠎ᠠ ᠪᠠᠶᠢᠴᠠᠭᠠᠯᠲᠠ ᠪᠠᠷ ᠦᠨᠡᠨ ᠰᠠᠶᠢᠵᠢᠷᠠᠭᠤᠯᠤᠯᠳᠠ ᠶᠢ ᠠᠬᠢᠭᠤᠯᠵᠤ᠂ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠲᠠᠰᠤᠷᠠᠯᠳᠠ ᠦᠭᠡᠢ ᠠᠬᠢᠭᠤᠯᠵᠤ ᠴᠢᠳᠠᠨ᠎ᠠ᠃ | | |