ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠤᠯᠠᠮᠵᠢᠯᠠᠬᠤ ᠳᠤᠮᠳᠠ ᠰᠢᠨ᠎ᠡ ᠶᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2025/4/24
      ᠪᠣᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠨᠢ ᠣᠳᠣᠬᠠᠨ ᠤ ᠰᠤᠶᠤᠯ ᠤᠨ ᠬᠦᠷᠢᠶᠡᠨ ᠳᠠᠬᠢ ᠬᠠᠯᠠᠮᠰᠢᠯ ᠰᠡᠳᠦᠪ ᠪᠤᠯᠵᠤ ᠪᠠᠶᠢᠨ᠎ᠠ᠃ ᠺᠦᠨᠱᠠᠨ ᠳᠠᠭᠤᠷᠢᠯᠢᠬ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ︽ᠬᠥᠮᠦᠨ ᠲᠥᠷᠥᠯᠬᠢᠲᠡᠨ ᠤ ᠠᠮᠠᠨ ᠬᠦᠦᠷᠨᠢᠯ ᠪᠠ ᠪᠣᠳᠠᠰ ᠤᠨ ᠪᠤᠰᠤ ᠥᠪ ᠤᠨ ᠲᠥᠯᠥᠭᠡᠯᠡᠭᠴᠢ ᠪᠦᠲᠦᠭᠡᠯ︾ ᠢᠶᠠᠷ ᠰᠣᠩᠭᠤᠭᠳᠠᠭᠰᠠᠨ ᠠᠴᠠ ᠡᠬᠢᠯᠡᠨ᠂ ᠮᠠᠨ ᠤ ᠤᠯᠤᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠨᠢᠭᠡᠨᠲᠡ 20 ᠭᠠᠷᠤᠢ ᠵᠢᠯ ᠦᠷᠨᠢᠭᠦᠯᠵᠦ ᠪᠠᠶᠢᠨ᠎ᠠ᠃       ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠭᠤᠣᠯᠳᠠᠯᠭ᠎ᠠ ᠨᠢ ᠤᠯᠠᠮᠵᠢᠯᠠᠬᠤ ᠳᠤ ᠪᠠᠶᠢᠨ᠎ᠠ᠃ ᠤᠯᠠᠮᠵᠢᠯᠠᠬᠤ ᠨᠢ ᠳᠥᠭᠦᠮᠬᠡᠨ ᠬᠠᠭᠤᠯᠬᠤ ᠪᠢᠰᠢ᠂ ᠬᠠᠷᠢᠨ ᠰᠣᠶᠣᠯ ᠤᠨ ᠭᠦ᠋ᠨ ᠢ ᠪᠠᠲᠤᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠦᠨ ᠬᠥᠭᠵᠢᠭᠦᠯᠬᠦ ᠶᠠᠪᠤᠳᠠᠯ ᠪᠣᠯᠤᠨ᠎ᠠ᠃ ᠰᠦᠵᠧᠦ ᠶᠢᠨ ᠬᠠᠳᠬᠤᠮᠠᠯ ᠢᠶᠠᠷ ᠵᠢᠱᠢᠶᠡᠯᠡᠪᠡᠯ᠂ ᠤᠯᠠᠮᠵᠢᠯᠠᠯᠲᠤ ᠰᠦᠵᠸᠦ ᠶᠢᠨ ᠬᠠᠳᠬᠤᠮᠠᠯ ᠴᠡᠴᠡᠭ ᠰᠢᠪᠠᠭᠤ ᠬᠤᠷᠤᠬᠠᠢ ᠵᠢᠭᠠᠰᠤ ᠪᠠᠷ ᠰᠡᠳᠦᠪᠯᠡᠳᠡᠭ᠂ ᠤᠳᠤ ᠦᠶ᠎ᠡ ᠶᠢᠨ ᠰᠦᠵᠸᠦ ᠶᠢᠨ ᠬᠠᠳᠬᠤᠮᠠᠯᠴᠢᠳ ᠤᠯᠠᠮᠵᠢᠯᠠᠯᠲᠤ ᠬᠠᠳᠬᠤᠬᠤ ᠠᠷᠭ᠎ᠠ ᠳᠤ ᠰᠠᠭᠤᠷᠢᠯᠠᠨ᠂ ᠤᠳᠤ ᠦᠶ᠎ᠡ ᠶᠢᠨ ᠤᠷᠠᠯᠢᠭ ᠤᠨ ᠡᠯᠧᠮᠧᠨ᠋ᠲ ᠢ ᠠᠭᠤᠰᠬᠠᠭᠠᠳ᠂ ᠴᠠᠭ ᠦᠶ᠎ᠡ ᠶᠢᠨ ᠣᠨᠴᠠᠯᠢᠭ ᠲᠠᠢ ᠪᠦᠲᠦᠭᠡᠯ ᠢ ᠵᠣᠬᠢᠶᠠᠨ ᠪᠦᠲᠦᠭᠡᠵᠦ ᠪᠠᠶᠢᠨ᠎ᠠ᠃ ᠡᠨᠡ ᠬᠦ ᠰᠢᠨ᠎ᠡ ᠡᠭᠦᠳᠦᠯᠲᠡ ᠨᠢ ᠰᠦᠵᠸᠦ ᠢᠢᠨ ᠬᠠᠳᠬᠤᠮᠠᠯ ᠤᠨ ᠤᠯᠠᠮᠵᠢᠯᠠᠯᠲᠤ ᠥᠷᠲᠡᠭ ᠢ ᠬᠠᠳᠠᠭᠠᠯᠠᠭᠰᠠᠨ ᠢᠶᠠᠷ ᠪᠠᠷᠠᠬᠤ ᠦᠭᠡᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃       ᠪᠣᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠳᠤ ᠤᠷᠢᠳ ᠭᠠᠷᠤᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠤᠢ᠃ ᠠᠵᠤ ᠦᠢᠯᠡᠳᠪᠦᠷᠢᠵᠢᠭᠰᠡᠨ ᠦᠢᠯᠡᠳᠪᠦᠷᠢᠯᠡᠯ ᠨᠢ ᠤᠯᠠᠮᠵᠢᠯᠠᠯᠲᠤ ᠭᠠᠷ ᠤᠷᠠᠯᠠᠯ ᠳᠤ ᠳᠠᠭᠠᠷᠢᠯᠲᠠ ᠪᠣᠯᠵᠤ᠂ ᠠᠶᠢᠵᠠᠮ ᠲᠦᠷᠭᠡᠨ ᠠᠮᠢᠳᠤᠷᠠᠯ ᠠᠴᠠ ᠪᠤᠯᠵᠤ ᠤᠯᠠᠮᠵᠢᠯᠠᠯᠲᠤ ᠲᠣᠭᠯᠠᠯᠲᠠ ᠶᠢᠨ ᠤᠷᠠᠯᠢᠭ ᠵᠠᠬ᠎ᠠ ᠳᠡᠯᠭᠡᠭᠦᠷ ᠢᠶᠠᠨ ᠠᠯᠳᠠᠭᠠᠳ᠂ ᠵᠠᠯᠠᠭᠤ ᠦᠶ᠎ᠡ ᠶᠢᠨ ᠬᠢᠨ ᠤᠯᠠᠮᠵᠢᠯᠠᠯᠲᠤ ᠰᠣᠶᠣᠯ ᠠᠴᠠ ᠡᠳᠦᠷ ᠢᠷᠡᠬᠦᠶ᠎ᠡ ᠬᠤᠯᠠᠳᠴᠤ ᠪᠠᠶᠢᠨ᠎ᠠ᠃ ᠭᠡᠪᠡᠴᠦ ᠥᠷᠢᠰᠥᠯᠳᠦᠭᠡᠨ ᠤ ᠳᠤᠮᠳᠠ ᠪᠠᠰᠠ ᠠᠵᠠ ᠲᠤᠬᠢᠶᠠᠯ ᠨᠢᠭᠤᠭᠳᠠᠵᠤ᠂ ᠲᠣᠭᠠᠴᠢᠯᠠᠭᠰᠠᠨ ᠮᠡᠷᠭᠡᠵᠢᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠰᠢᠨ᠎ᠡ ᠠᠷᠭ᠎ᠠ ᠪᠠᠷᠢᠯ ᠬᠠᠩᠭᠠᠵᠤ᠂ ᠰᠣᠶᠣᠯ ᠵᠢᠭᠤᠯᠴᠢᠯᠠᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠰᠢᠨ᠎ᠡ ᠣᠷᠣᠨ ᠵᠠᠢ ᠭᠠᠷᠭᠠᠨ᠂ ᠰᠣᠶᠣᠯ ᠤᠨ ᠪᠦᠲᠦᠭᠡᠯᠴᠢ ᠠᠵᠤ ᠦᠢᠯᠡᠰ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠠᠢ᠃       ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠪᠦᠬᠦ ᠨᠡᠶᠢᠭᠡᠮ ᠢᠶᠠᠷ ᠢᠶᠠᠨ ᠣᠷᠣᠯᠴᠠᠬᠤ ᠴᠢᠬᠤᠯᠠ ᠲᠠᠢ᠃ ᠵᠠᠰᠠᠭ ᠤᠨ ᠣᠷᠳᠣᠨ ᠬᠠᠮᠠᠭᠠᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠡᠵᠤ ᠦᠢᠯᠡᠰᠴᠢᠯᠡᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠤᠯᠠᠮᠵᠢᠯᠠᠭᠴᠢ ᠰᠣᠶᠣᠯ ᠤᠨ ᠦᠨᠡᠨ ᠮᠦᠨ ᠢ ᠪᠠᠲᠤ ᠰᠠᠬᠢᠨ᠂ ᠣᠯᠠᠨ ᠨᠡᠶᠢᠲᠡ ᠪᠠᠷ ᠢᠶᠠᠨ ᠰᠣᠶᠣᠯ ᠤᠨ ᠤᠬᠠᠮᠰᠠᠷ ᠢ ᠪᠤᠢ ᠪᠤᠯᠭᠠᠬᠤ ᠬᠡᠷᠡᠭᠲᠡᠶ᠃ ᠭᠠᠭᠴᠠ ᠬᠦ ᠬᠠᠮᠠᠭᠠᠯᠠᠬᠤ ᠬᠠᠮᠳᠤᠷᠠᠯ ᠬᠦᠴᠦᠨ ᠢ ᠪᠦᠷᠢᠯᠳᠦᠭᠦᠯᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠣᠳᠣ ᠦᠶ᠎ᠡ ᠶᠢᠨ ᠨᠡᠶᠢᠭᠡᠮ ᠳᠤ ᠣᠷᠣᠰᠢᠨ ᠲᠣᠭᠲᠠᠨᠢᠬᠤ ᠵᠠᠮ ᠢᠶᠠᠨ ᠣᠯᠵᠤ ᠳᠡᠶᠢᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠪᠤᠯ ᠮᠦᠽᠧᠢ ᠳᠣᠲᠣᠷᠠᠬᠢ ᠳᠡᠯᠭᠡᠨ ᠦᠵᠡᠭᠦᠯᠬᠦ ᠡᠳ᠋ ᠪᠢᠰᠢ᠂ ᠬᠠᠷᠢᠨ ᠠᠮᠢᠳᠤ ᠰᠣᠶᠣᠯ ᠤᠨ ᠭᠧᠨ ᠮᠦᠨ᠂ ᠤᠯᠠᠮᠵᠢᠯᠠᠬᠤ ᠳᠤᠮᠳᠠ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠳᠤᠮᠳᠠ ᠤᠯᠠᠮᠵᠢᠯᠠᠬᠤ ᠬᠡᠷᠡᠭᠲᠡᠢ᠃       ᠢᠷᠡᠭᠡᠳᠦᠢ ᠶᠢ ᠪᠠᠷᠠᠯᠠᠬᠤᠶ᠎ᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠡᠭᠦᠷᠭᠡ ᠬᠦᠨᠳᠦ ᠵᠠᠮ ᠬᠤᠯᠠ ᠪᠤᠢ᠃ ᠪᠢᠳᠡ ᠪᠣᠳᠠᠰ ᠤᠨ ᠪᠤᠰᠤ ᠰᠣᠶᠣᠯ ᠤᠨ ᠥᠪ ᠤᠨ ᠬᠤᠪᠢᠰᠤᠯᠲᠠ ᠳᠤ ᠨᠡᠭᠡᠭᠡᠯᠲᠡ ᠲᠠᠢ ᠪᠠᠭᠲᠠᠭᠠᠮᠵᠢ ᠲᠠᠢ ᠣᠪᠣᠷ ᠢᠶᠠᠷ ᠬᠠᠨᠳᠤᠨ᠂ ᠰᠢᠨ᠎ᠡ ᠶᠢ ᠡᠭᠦᠳᠦᠨ ᠬᠥᠭᠵᠢᠭᠦᠯᠬᠦ ᠰᠡᠳᠭᠢᠬᠦᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠠᠬᠢᠭᠤᠯᠵᠤ᠂ ᠤᠳᠤ ᠦᠶ᠎ᠡ ᠶᠢᠨ ᠨᠡᠶᠢᠭᠡᠮ ᠳᠤ ᠤᠯᠠᠮᠵᠢᠯᠠᠯᠲᠤ ᠰᠣᠶᠣᠯ ᠤᠨ ᠦᠩᠭᠡ ᠭᠡᠷᠡᠯ ᠢ ᠰᠠᠴᠤᠷᠠᠭᠤᠯᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠢ ᠥᠩᠭᠡᠷᠡᠭᠰᠡᠨ ᠤ ᠬᠢ ᠶᠢ ᠰᠠᠬᠢᠨ ᠬᠠᠮᠠᠭᠠᠯᠠᠬᠤ ᠪᠠᠷ ᠪᠠᠷᠠᠬᠤ ᠦᠭᠡᠢ᠂ ᠨᠡᠩ ᠰᠠᠶᠢᠨ ᠭᠦᠭᠵᠢᠯ ᠤᠨ ᠢᠷᠡᠭᠡᠳᠦᠢ ᠲᠠᠢ ᠪᠤᠯᠬᠤ ᠶᠢᠨ ᠲᠦᠯᠦᠭᠡ ᠶᠤᠮ᠃ ᠪᠢᠳᠡ ᠬᠠᠮᠲᠤ ᠪᠠᠷ ᠴᠢᠷᠮᠠᠶᠢᠵᠤ᠂ ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ