ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠵᠠᠩᠭᠢᠯᠠᠭ᠎ᠠ ᠨᠢ ᠤᠳᠤᠷᠢᠳᠬᠤ ᠺᠠᠳ᠋ᠷᠴᠤᠳ ᠲᠤ ᠪᠠᠶᠢᠨ᠎ᠠ᠂ ᠰᠤᠷᠲᠠᠯ ᠢ ᠰᠠᠶᠢᠵᠢᠷᠠᠭᠤᠯᠬᠤ ᠳᠤ | ᠡᠷᠬᠡᠪᠰᠢ ᠳᠡᠭᠡᠳᠦ ᠱᠠᠳᠤ ᠠᠴᠠ ᠳᠤᠤᠷᠠᠳᠤ ᠱᠠᠳᠤ ᠳᠡᠶᠢᠰᠢ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠲᠠᠶᠢᠴᠢᠯᠠᠬᠤ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠳᠤᠮᠳᠠ᠂ ︽ᠳᠡᠭᠡᠳᠦ ᠱᠠᠳᠤ ᠨᠢ | ᠡᠪᠡᠳᠴᠢᠯᠡᠪᠡᠯ ᠲᠤᠤᠷᠠᠳᠤ ᠱᠠᠳᠤ ᠨᠢ ᠡᠮ ᠤᠤᠭᠤᠬᠤ︾ ᠵᠡᠷᠭᠡ ᠬᠡᠯᠪᠡᠷᠢᠴᠢ ᠦᠵᠡᠯ ᠪᠦᠬᠦᠢ ᠬᠠᠰᠢ ᠶᠠᠰᠢ ᠠᠷᠭᠠᠴᠠᠭᠠᠬᠤ ᠶᠢ ᠡᠷᠡᠰ ᠰᠡᠷᠭᠡᠶᠢᠯᠡᠵᠦ᠂ ᠤᠳᠤᠷᠢᠳᠬᠤ | ᠺᠠᠳ᠋ᠷ ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠡᠷᠬᠡᠪᠰᠢ ᠦᠨᠡᠨ ᠬᠦ ᠪᠤᠳᠤᠯᠬᠢᠯᠠᠨ ᠣᠷᠣᠭᠤᠯᠬᠤ ᠬᠡᠷᠡᠭᠲᠡᠢ᠃ | ᠤᠳᠤᠷᠢᠳᠬᠤ ᠺᠠᠳ᠋ᠷ ᠪᠣᠯ ᠰᠤᠷᠤᠯᠴᠠᠯᠭ᠎ᠠ ᠬᠥᠮᠦᠵᠢᠯ ᠤᠨ ᠵᠣᠬᠢᠶᠠᠨ ᠪᠠᠶᠢᠭᠤᠯᠤᠭᠴᠢ᠂ ᠠᠬᠢᠭᠤᠯᠤᠭᠴᠢ᠂ ᠬᠢᠨᠠᠯᠲᠠ ᠲᠠᠯᠪᠢᠭᠴᠢ ᠪᠣᠯᠬᠤ ᠪᠠᠷ ᠪᠠᠷᠠᠬᠤ ᠦᠭᠡᠢ | ᠨᠡᠩ ᠴᠤ ᠲᠦᠷᠦᠭᠦᠯᠡᠨ ᠣᠷᠣᠯᠴᠠᠭᠴᠢ ᠮᠥᠨ᠃ ᠡᠨᠡ ᠬᠦ ᠳᠠᠭᠠᠭᠤᠯᠤᠭᠴᠢ ᠪᠣᠯ ᠪᠣᠳᠠᠲᠠᠶ ᠪᠠᠶᠢᠵᠤ ᠬᠠᠷᠢᠨ ᠬᠡᠶᠢᠰᠪᠦᠷᠢ ᠪᠢᠰᠢ᠂ ᠪᠦᠬᠦ ᠲᠠᠯ᠎ᠠ ᠶᠢᠨ ᠪᠠᠶᠢᠵᠤ ᠬᠠᠷᠢᠨ | ᠰᠣᠩᠭᠤᠯᠲᠠ ᠲᠠᠢ ᠪᠢᠰᠢ᠂ ᠢᠮᠠᠭᠲᠠ ᠶᠢᠨ ᠪᠠᠶᠢᠵᠤ ᠬᠠᠷᠢᠨ ᠬᠠᠰᠢ ᠶᠠᠰᠢ ᠪᠠᠷ ᠳᠠᠭᠤᠰᠬᠠᠬᠤ ᠪᠢᠰᠢ᠃ ᠡᠨᠡ ᠬᠦ ᠳᠠᠭᠠᠭᠤᠯᠤᠭᠴᠢ ᠨᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ ᠮᠥᠷᠲᠡᠭᠡᠨ ᠨᠡᠩ ᠴᠤ ᠪᠡᠶ᠎ᠡ ᠪᠠᠷ ᠢᠶᠠᠨ ᠣᠷᠣᠯᠴᠠᠬᠤ ᠬᠡᠷᠡᠭᠲᠡᠶ︔ ᠪᠢᠴᠢᠭ ᠮᠠᠲ᠋ᠧᠷᠢᠶᠠᠯ ᠪᠠᠭᠤᠯᠭᠠᠵᠤ ᠣᠪᠣᠷ ᠢᠶᠠᠨ ᠢᠯᠡᠳᠭᠡᠬᠦ ᠮᠥᠷᠲᠡᠭᠡᠨ | ᠨᠠᠩ ᠴᠤ ᠠᠵᠢᠯᠯᠠᠭ᠎ᠠ ᠠᠪᠴᠤ ᠨᠠᠶᠢᠳᠠᠪᠤᠷᠢᠵᠢᠭᠤᠯᠬᠤ ᠬᠡᠷᠡᠭᠲᠡᠶ ᠭᠡᠰᠡᠨ ᠢ ᠬᠠᠷᠠᠭᠤᠯᠵᠤ ᠪᠠᠶᠢᠨ᠎ᠠ᠃ ᠤᠳᠤᠷᠢᠳᠬᠤ ᠺᠠᠳ᠋ᠷᠴᠤᠳ ᠦᠨᠡᠨ ᠬᠦ ᠲᠦᠷᠦᠭᠦᠯᠡᠨ ᠰᠠᠨᠠᠯ | ᠰᠣᠨᠣᠰᠴᠤ᠂ ᠠᠰᠠᠭᠤᠳᠠᠯ ᠢ ᠲᠦᠷᠦᠭᠦᠯᠡᠨ ᠡᠷᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠦᠷᠦᠭᠦᠯᠡᠨ ᠥᠷᠨᠢᠭᠦᠯᠵᠦ᠂ ᠲᠦᠷᠦᠭᠦᠯᠡᠨ ᠴᠡᠭᠴᠡᠯᠡᠨ | ᠰᠠᠶᠢᠵᠢᠷᠠᠭᠤᠯᠬᠤ ᠪᠣᠯ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠭᠠᠷᠭᠠᠬᠤ᠂ ᠦᠷ᠎ᠡ ᠪᠦᠳᠦᠮᠵᠢ ᠤᠯᠬᠤ ᠶᠢ ᠦᠨᠡᠨ ᠬᠦ ᠪᠠᠲᠤᠯᠠᠬᠤ ᠴᠢᠬᠤᠯᠠ ᠠᠷᠭ᠎ᠠ | ᠬᠡᠮᠵᠢᠶ᠎ᠡ ᠪᠠ ᠭᠠᠷᠳᠠᠴᠠ ᠮᠥᠨ᠃ | ᠤᠳᠤᠷᠢᠳᠬᠤ ᠺᠠᠳ᠋ᠷᠴᠤᠳ ᠲᠦᠷᠦᠭᠦᠯᠡᠨ ᠬᠢᠬᠦ ᠨᠢ ᠡᠩ ᠲᠡᠷᠢᠭᠦᠨ ᠳᠤ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠲᠠᠢ | ᠤᠬᠠᠮᠰᠠᠷ ᠠᠴᠠ ᠪᠠᠨ ᠲᠡᠮᠡᠴᠡᠯ ᠬᠢᠬᠦ ᠳᠡᠭᠡᠷ᠎ᠡ ᠢᠯᠡᠷᠡᠳᠡᠭ᠃ ᠣᠨᠴᠠ ᠡᠷᠬᠡ ᠪᠣᠯ ᠲᠦᠢᠯ ᠤᠨ ᠶᠡᠭᠡ ᠬᠤᠣᠷ ᠬᠥᠨᠥᠭᠡᠯ ᠲᠠᠢ ᠨᠢᠭᠡ ᠵᠦᠢᠯ ᠤᠨ ᠢᠯᠵᠠᠷᠠᠭᠤᠯᠤᠭᠴᠢ | ᠡᠳ᠋ ᠮᠥᠨ᠂ ᠬᠠᠮᠤᠭ ᠤᠨ ᠶᠡᠭᠡ ᠭᠤᠣᠯᠴᠢ ᠪᠤᠰᠤ ᠵᠦᠢᠯ ᠮᠥᠨ᠃ ᠤᠳᠤᠷᠢᠳᠬᠤ ᠺᠠᠳ᠋ᠷᠴᠤᠳ ᠡᠷᠬᠡᠪᠰᠢ ᠠᠵᠠ ᠬᠠᠷᠠᠬᠤ᠂ ᠳᠠᠶᠢᠪᠤᠰᠢᠷᠠᠬᠤ᠂ ᠤᠯᠠᠨ ᠢ ᠲᠠᠭᠠᠬᠤ᠂ | ᠲᠡᠩᠴᠡᠭᠦᠷᠢ ᠪᠠᠨ ᠠᠯᠳᠠᠬᠤ ᠵᠡᠷᠭᠡ ᠪᠤᠷᠤᠭᠤ ᠪᠤᠳᠤᠯ ᠰᠡᠳᠭᠢᠯᠭᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ ᠡᠷᠡᠰ ᠲᠡᠪᠴᠢᠵᠦ᠂ ᠠᠮᠢᠳᠤᠷᠠᠬᠤᠢ ᠶᠢᠨ ᠪᠠᠶᠢᠷᠢᠰᠢᠯ ᠢᠶᠠᠨ | ᠴᠠᠭ ᠢᠮᠠᠭᠲᠠ ᠬᠠᠷᠭᠤᠭᠤᠯᠤᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤ ᠰᠠᠬᠢᠵᠤ᠂ ︽ᠳᠣᠲᠣᠷ᠎ᠠ ᠪᠠᠨ ᠳᠤᠷ᠎ᠠ ᠪᠠᠷ ᠢᠶᠠᠨ ᠪᠤᠳᠤᠬᠤ ᠦᠭᠡᠢ᠂ | ᠭᠠᠳᠠᠨ᠎ᠠ ᠳᠤᠷ᠎ᠠ ᠪᠠᠷ ᠢᠶᠠᠨ ᠬᠥᠳᠡᠯᠬᠦ ᠦᠭᠡᠢ︾ ᠪᠠᠶᠢᠬᠤ ᠪᠠᠷ ᠪᠠᠷᠠᠬᠤ ᠦᠭᠡᠢ ᠨᠡᠩ ᠴᠤ ᠬᠢᠨᠠᠯᠲᠠ ᠬᠢᠵᠠᠭᠠᠷᠯᠠᠯ ᠢ ᠬᠦᠯᠢᠶᠡᠬᠦ ᠣᠷᠴᠢᠨ ᠲᠤᠭᠤᠷᠢᠨ ᠳᠤ ᠠᠵᠢᠯᠯᠠᠵᠤ | ᠠᠮᠢᠳᠤᠷᠠᠬᠤ ᠳᠤ ᠳᠠᠳᠬᠤ ᠬᠡᠷᠡᠭᠲᠡᠢ᠃ | ᠤᠳᠤᠷᠢᠳᠬᠤ ᠺᠠᠳ᠋ᠷ ᠲᠦᠷᠦᠭᠦᠯᠡᠨ ᠬᠢᠬᠦ ᠳᠤ᠂ ᠠᠯᠪᠠᠨ ᠤ ᠪᠠ ᠬᠤᠪᠢ ᠶᠢᠨ ᠬᠠᠷᠢᠴᠠᠭ᠎ᠠ ᠶᠢ ᠲᠥᠪ ᠪᠣᠯᠭᠠᠬᠤ ᠪᠣᠯ ᠰᠡᠳᠦᠪ ᠤᠨ ᠮᠦᠨ ᠴᠢᠨᠠᠷ ᠪᠣᠯᠤᠨ᠎ᠠ᠃ | ᠵᠠᠷᠢᠮ ᠤᠳᠤᠷᠢᠳᠬᠤ ᠺᠠᠳ᠋ᠷ ᠨᠠᠮ ᠪᠠ ᠠᠷᠠᠳ ᠲᠦᠮᠡᠨ ᠤ ᠲᠡᠭᠦᠨ ᠳᠤ ᠲᠤᠰᠢᠶᠠᠭᠰᠠᠨ ᠡᠷᠬᠡ ᠶᠢ ᠬᠦᠨᠳᠦ ᠬᠠᠷᠢᠭᠤᠴᠠᠯᠭ᠎ᠠ ᠭᠡᠵᠦ ᠦᠵᠡᠭᠦ ᠦᠭᠡᠢ᠂ ᠬᠠᠷᠢᠨ | ᠬᠤᠪᠢ ᠶᠢᠨ ᠡᠳ᠋ ᠬᠦᠷᠦᠩᠭᠡ ᠪᠠᠷ ᠦᠵᠡᠳᠡᠭ᠃ ᠡᠶᠢᠮᠦ ᠬᠡᠯᠪᠡᠷᠢᠯ ᠢ ᠡᠷᠬᠡᠪᠰᠢ ᠡᠪᠡᠳᠴᠢᠨ ᠲᠠᠢ ᠪᠣᠯ ᠵᠠᠰᠠᠵᠤ᠂ ᠪᠠᠶᠢᠩᠭᠤ ᠠᠳᠬᠤᠵᠤ ᠪᠠᠶᠢᠩᠭᠤ ᠵᠠᠰᠠᠬᠤ ᠬᠡᠷᠡᠭᠲᠡᠢ᠃ | ᠤᠳᠤᠷᠢᠳᠬᠤ ᠺᠠᠳ᠋ᠷ ᠭᠠᠭᠴᠠ ᠬᠦ᠋ ᠨᠢᠭᠡ ᠰᠡᠳᠭᠢᠯ ᠢᠶᠠᠷ ᠨᠡᠶᠢᠲᠡ ᠶᠢᠨ ᠲᠥᠯᠥᠭᠡ ᠵᠢᠳᠬᠦᠵᠦ᠂ ᠶᠠᠪᠤᠳᠠᠯ ᠪᠣᠯᠭᠠᠨ ᠳᠤ ᠨᠡᠶᠢᠲᠡ ᠶᠢᠨ ᠲᠥᠯᠥᠭᠡ ᠪᠣᠳᠣᠯᠬᠢᠯᠠᠪᠠᠯ ᠰᠠᠶ᠋ᠢ | ᠵᠥᠪ ᠪᠤᠷᠤᠭᠤ ᠶᠢᠨ ᠦᠵᠡᠯᠲᠡ᠂ ᠵᠢᠷᠤᠮ ᠠᠰᠢᠭ ᠤᠨ ᠦᠵᠡᠯᠲᠡ᠂ ᠡᠷᠬᠡ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠲᠠᠢ ᠪᠤᠯᠵᠤ ᠴᠢᠳᠠᠨ᠎ᠠ᠂ ᠰᠠᠶ᠋ᠢ ᠤᠯᠠᠨ | ᠲᠦᠮᠡᠨ ᠢ ᠰᠡᠳᠭᠢᠯ ᠳᠡᠭᠡᠨ ᠪᠤᠳᠤᠵᠤ᠂ ᠰᠠᠶ᠋ᠢ ᠴᠠᠭᠠᠪᠤᠷ ᠰᠢᠯᠤᠭᠤᠨ ᠬᠥᠮᠦᠨ ᠪᠤᠯᠵᠤ᠂ ᠡᠷᠬᠡ ᠪᠠᠨ ᠪᠣᠯᠭᠤᠮᠵᠢᠲᠠᠢ ᠬᠡᠷᠡᠭᠯᠡᠵᠦ ᠴᠢᠳᠠᠨ᠎ᠠ᠂ ᠰᠠᠶ᠋ᠢ ᠡᠩ ᠤᠨ ᠨᠠᠮ ᠤᠨ | ᠭᠡᠰᠢᠭᠦᠨ ᠳᠤ ᠢᠯᠡ ᠲᠣᠳᠣ ᠪᠥᠭᠡᠳ ᠵᠥᠪ ᠵᠣᠭᠰᠣᠯᠲᠠ ᠶᠢᠨ ᠤᠳᠤᠷᠢᠳᠤᠮᠵᠢ ᠶᠢ ᠪᠤᠢ ᠪᠣᠯᠭᠠᠵᠤ ᠴᠢᠳᠠᠨ᠎ᠠ᠃ | ᠤᠳᠤᠷᠢᠳᠬᠤ ᠺᠠᠳ᠋ᠷ ᠲᠦᠷᠦᠭᠦᠯᠡᠨ ᠬᠢᠬᠦ ᠨᠢ ᠪᠠᠰᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠠᠵᠢᠯᠯᠠᠬᠤ ᠳᠡᠭᠡᠷ᠎ᠡ ᠢᠯᠡᠷᠡᠳᠡᠭ᠃ ᠬᠡᠷᠪᠡ ᠦᠪᠡᠷ ᠢᠶᠠᠨ | ᠦᠯᠢᠭᠡᠷ ᠲᠠᠭᠤᠷᠢᠶᠠᠯ ᠪᠤᠯᠵᠤ ᠴᠢᠳᠠᠬᠤ ᠦᠭᠡᠢ ᠪᠤᠯ ᠪᠤᠰᠤᠳ ᠢ ᠲᠠᠭᠠᠭᠤᠯᠵᠤ ᠴᠢᠳᠠᠬᠤ ᠦᠭᠡᠢ︔ ᠬᠡᠷᠪᠡ ᠪᠡᠶ᠎ᠠ ᠪᠠᠷ ᠢᠶᠠᠨ ᠬᠡᠪ ᠲᠦᠷᠢᠮ ᠪᠤᠯᠵᠤ ᠴᠢᠳᠠᠬᠤ ᠦᠭᠡᠢ | ᠪᠤᠯ ᠪᠤᠰᠤᠳ ᠢ ᠪᠢᠰᠢᠷᠡᠭᠦᠯᠵᠦ ᠴᠢᠳᠠᠬᠤ ᠦᠭᠡᠢ᠃ ︽ᠡᠮᠦᠨ᠎ᠠ ᠨᠢ ᠲᠠᠭᠠᠷᠢ ᠡ︾ ᠪᠠ ︽ᠨᠠᠮ᠎ᠠ ᠶᠢ ᠲᠠᠭᠠᠭᠠᠳ ᠢᠷ᠎ᠠ︾ ᠭᠡᠰᠡᠨ ᠦᠭᠡ ᠤᠳᠬ᠎ᠠ ᠶᠢᠨ ᠳᠠᠯ᠎ᠠ ᠪᠠᠷ | ᠲᠩᠷᠢ ᠭᠠᠵᠠᠷ ᠤᠨ ᠵᠥᠷᠢᠶ᠎ᠡ ᠲᠠᠢ ᠶᠤᠮ᠃ ᠤᠳᠤᠷᠢᠳᠬᠤ ᠺᠠᠳ᠋ᠷ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠡᠶ᠎ᠡ ᠪᠠᠨ ᠪᠠᠶᠢᠴᠠᠭᠠᠵᠤ ᠪᠡᠶ᠎ᠡ ᠪᠠᠨ | ᠲᠥᠪ ᠪᠣᠯᠭᠠᠵᠤ᠂ ᠪᠤᠳᠤᠯ ᠰᠡᠳᠬᠢᠯ ᠦᠢᠯᠡ ᠠᠵᠢᠯᠯᠠᠭ᠎ᠠ ᠪᠠᠨ ᠬᠢᠴᠢᠶᠡᠵᠦ᠂ ᠨᠢᠭᠡ ᠰᠡᠳᠭᠢᠯ ᠨᠢᠭᠡ ᠵᠣᠷᠢᠭ ᠢᠶᠠᠷ ᠠᠵᠢᠯ ᠳᠠᠭᠠᠨ ᠣᠷᠣᠯᠴᠠᠵᠤ᠂ ᠦᠨᠳᠦᠰᠦᠨ | ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠠᠭᠤᠰᠤᠯᠴᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠠᠴᠢᠮ ᠶᠠᠪᠤᠳᠠᠯ ᠬᠦᠴᠢᠷ ᠶᠠᠪᠤᠳᠠᠯ ᠨᠠᠷᠢᠨ ᠪᠤᠳᠤᠯᠢᠶᠠᠨᠲᠠᠢ ᠶᠠᠪᠤᠳᠠᠯ ᠢ ᠵᠣᠷᠢᠭᠲᠠᠢ | ᠠᠳᠬᠤᠵᠤ ᠰᠠᠶᠢᠳᠤᠷ ᠬᠠᠮᠢᠶᠠᠷᠴᠤ᠂ ᠠᠷᠠᠳ ᠤᠨ ᠲᠥᠯᠥᠭᠡ ᠪᠣᠳᠠᠲᠠᠢ ᠬᠢᠵᠦ᠂ ︽ᠵᠡᠭᠦᠦ ᠶᠢᠨ ᠦᠵᠦᠭᠦᠷ︾ ᠮᠡᠲᠦ ᠪᠠᠭ᠎ᠠ ᠶᠠᠪᠤᠳᠠᠯ ᠢᠬᠢᠷ ᠰᠢᠬᠢᠷ ᠶᠠᠪᠤᠳᠠᠯ ᠢ | ᠪᠠᠲᠤ ᠰᠠᠬᠢᠬᠤ ᠬᠡᠷᠡᠭᠲᠡᠢ᠃ | ᠤᠳᠤᠷᠢᠳᠬᠤ ᠺᠠᠳ᠋ᠷᠴᠤᠳ ᠵᠣᠷᠢᠭ ᠲᠠᠢ ᠪᠣᠯ ᠨᠠᠮ ᠤᠨ ᠭᠡᠰᠢᠭᠦᠳ ᠢᠲᠡᠭᠡᠯ ᠲᠠᠢ ᠪᠣᠯᠤᠨ᠎ᠠ︔ ᠤᠳᠤᠷᠢᠳᠬᠤ ᠺᠠᠳ᠋ᠷ ᠦᠯᠢᠭᠡᠷ ᠳᠠᠭᠤᠷᠢᠶᠠᠯ ᠪᠣᠯᠪᠠᠯ᠂ ᠣᠯᠠᠨ | ᠲᠦᠮᠡᠨ ᠤᠬᠠᠮᠰᠠᠷ ᠠᠴᠠ ᠪᠠᠨ ᠳᠠᠭᠠᠬᠤ ᠪᠤᠯᠤᠨ᠎ᠠ᠃ ᠲᠠᠭᠤᠨ ᠥᠬᠡᠶ ᠬᠡᠪ ᠳᠦᠷᠢᠮ ᠪᠣᠯ ᠳᠠᠷᠤᠶ ᠬᠠᠮᠤᠭ ᠤᠨ ᠬᠦᠴᠦᠲᠡᠶ ᠦᠯᠢᠭᠡᠷ ᠳᠠᠭᠤᠷᠢᠶᠠᠯ ᠪᠣᠯᠤᠨ᠎ᠠ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ | | |