ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/24
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠺᠠᠳ᠋ᠷ ᠠᠵᠢᠯᠲᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠣᠶᠢᠯᠠᠭᠠᠬᠤ ᠪᠠ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 4 ᠰᠠᠷ᠎ᠠ ᠶᠢᠨ 22 ᠤᠨ ᠡᠳᠦᠷ᠂ ᠤᠯᠤᠰ ᠤᠨ ᠠᠮᠤᠷ ᠲᠦᠪᠰᠢᠨ ᠤ ᠬᠠᠤᠯᠢ ᠵᠢᠴᠢ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠮᠡᠳᠡᠯᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠲᠣᠪᠴᠢᠶ᠎ᠠ ᠶᠢᠨ ᠡᠯ᠎ᠡ ᠲᠠᠰᠤᠭ ᠤᠨ ᠠᠵᠢᠯᠲᠠᠳ ᠢᠳᠡᠪᠬᠢᠲᠡᠶ ᠣᠷᠣᠯᠴᠠᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠬᠠᠯᠠᠭᠤᠨ ᠥᠷᠨᠢᠯᠲᠡ ᠶᠢ ᠪᠣᠶ ᠪᠣᠯᠭᠠᠪᠠ᠃
4.24医保局.jpeg
      ᠤᠷᠤᠯᠳᠤᠭᠠᠨ ᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠬᠤᠷᠴᠠ ᠰᠢᠷᠦᠭᠦᠨ ᠪᠥᠭᠡᠳ ᠡᠮᠬᠢ ᠵᠢᠷᠤᠮ ᠲᠠᠢ ᠪᠠᠶᠢᠯ᠎ᠠ᠃ ᠤᠷᠤᠯᠳᠤᠭᠠᠨ ᠤ ᠰᠡᠳᠦᠪ ᠤᠨ ᠬᠡᠯᠪᠡᠷᠢ ᠨᠢ ᠪᠠᠶᠠᠯᠢᠭ ᠣᠯᠠᠨ ᠶᠠᠩᠵᠤ ᠶᠢᠨ ᠪᠠᠶᠢᠵᠤ᠂ ᠡᠭᠦᠨ ᠳᠤ ᠰᠣᠩᠭᠤᠬᠤ ᠰᠡᠳᠦᠪ᠂ ᠣᠯᠠᠨ ᠰᠣᠩᠭᠤᠬᠤ ᠰᠡᠳᠦᠪ᠂ ᠮᠠᠭᠠᠳᠯᠠᠬᠤ ᠰᠡᠳᠦᠪ ᠵᠢᠴᠢ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢᠨ ᠰᠡᠳᠦᠪ ᠵᠡᠷᠭᠡ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠤᠨ ᠤᠯᠤᠰ ᠤᠨ ᠠᠮᠤᠷ ᠲᠦᠪᠰᠢᠨ ᠤ ᠬᠠᠤᠯᠢ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠮᠡᠳᠡᠯᠭᠡ ᠶᠢᠨ ᠨᠥᠭᠡᠴᠡ ᠪᠠ ᠬᠡᠷᠡᠭᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠪᠠ᠃ ᠬᠡᠷᠡᠭ ᠤᠨ ᠵᠢᠱᠢᠶ᠎ᠡ ᠶᠢ ᠵᠠᠳᠠᠯᠬᠤ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠰᠣᠷᠣᠭᠰᠠᠨ ᠮᠡᠳᠡᠯᠭᠡ ᠪᠠᠨ ᠬᠡᠷᠡᠭᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠲᠠᠭᠠᠯ ᠠᠴᠠ ᠵᠥᠷᠢᠴᠡᠭᠰᠡᠨ ᠪᠤᠳᠤᠯᠢᠶᠠᠨᠲᠠᠶ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠵᠦ ᠂ ᠵᠦᠶ ᠵᠣᠬᠢᠰᠲᠠᠶ ᠰᠢᠢᠳᠪᠦᠷᠢᠯᠡᠬᠦ ᠲᠥᠰᠦᠯ ᠳᠤᠷᠠᠳᠴᠤ᠂ ᠲᠡᠳᠡᠨ ᠤ ᠲᠤᠰᠬᠠᠶ ᠮᠡᠷᠭᠡᠵᠢᠯ ᠤᠨ ᠯᠠᠪᠳᠠᠭᠤᠨ ᠪᠠᠲᠤᠲᠠᠶ ᠬᠡᠪ ᠪᠣᠯᠪᠠᠰᠤᠷᠠᠯ ᠪᠠ ᠠᠮᠢᠳᠤᠯᠢᠭ ᠠᠷᠭᠠᠴᠠᠬᠤ ᠴᠢᠳᠠᠪᠤᠷᠢ ᠶᠢ ᠭᠦᠢᠴᠡᠳ ᠢᠯᠡᠷᠡᠭᠦᠯᠪᠡ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠰᠣᠩᠭᠤᠨ ᠭᠠᠷᠭᠠᠪᠠ᠃ ᠱᠠᠩᠨᠠᠯ ᠬᠦᠷᠲᠡᠭᠰᠡᠳ᠂ ᠲᠣᠰ ᠤᠳᠠᠭᠠᠨ ᠤ ᠤᠷᠤᠯᠳᠤᠭᠠᠨ ᠪᠣᠯ ᠨᠢᠭᠡ ᠤᠳᠠᠭᠠᠨ ᠤ ᠮᠡᠳᠡᠯᠭᠡ ᠶᠢᠨ ᠮᠥᠷᠦ᠋ᠢᠴᠡᠭᠡᠨ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠥᠪᠡᠷ ᠢ ᠪᠠᠨ ᠳᠡᠭᠡᠭᠰᠢᠯᠡᠭᠦᠯᠬᠦ ᠡᠷᠬᠢᠮ ᠨᠠᠨᠳᠢᠨ ᠲᠣᠬᠢᠶᠠᠯ ᠮᠥᠨ᠂ ᠤᠷᠤᠯᠳᠤᠭᠠᠨ ᠢᠶᠠᠷ ᠳᠡᠮᠵᠢᠨ᠂ ᠲᠡᠳᠡ ᠤᠯᠤᠰ ᠤᠨ ᠠᠮᠤᠷ ᠲᠦᠪᠰᠢᠨ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠳᠤᠮᠳᠠ ᠪᠠᠨ ᠰᠣᠷᠣᠭᠰᠠᠨ ᠢᠶᠠᠨ ᠬᠡᠷᠡᠭᠯᠡᠵᠦ᠂ ᠤᠯᠤᠰ ᠤᠨ ᠠᠮᠤᠷ ᠲᠦᠪᠰᠢᠨ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ