4 ᠰᠠᠷ᠎ᠠ ᠶᠢᠨ 23 ᠤ ᠡᠳᠦᠷ ᠪᠣᠯ 30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠃ ᠪᠦᠬᠦ ᠬᠥᠮᠦᠰ ᠬᠠᠮᠲᠤ ᠪᠠᠷ ︽ᠰᠢ ᠶᠢᠨ | ᠫᠢᠩ ᠤᠨ ᠶᠠᠷᠢᠭᠰᠠᠨ ᠦᠯᠢᠭᠡᠷ — ᠮᠢᠨᠦ ᠬᠠᠮᠤᠭ ᠤᠨ ᠶᠡᠭᠡ ᠳᠤᠷ᠎ᠠ ᠰᠣᠨᠢᠷᠬᠠᠯ ᠪᠣᠯ ᠨᠣᠮ ᠤᠩᠰᠢᠬᠤ ᠶᠠᠪᠤᠳᠠᠯ ᠮᠥᠨ︾ ᠭᠡᠬᠦ ᠹᠢᠯᠢᠮ ᠢ ᠦᠵᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠨᠣᠮ ᠤᠩᠰᠢᠭᠰᠠᠨ ᠦᠯᠢᠭᠡᠷ ᠢ ᠰᠣᠨᠣᠰᠴᠤ᠂ ︽ᠪᠡᠶ᠎ᠡ ᠪᠠᠨ ᠪᠠᠷᠢᠵᠤ ᠰᠤᠷᠤᠯᠴᠠᠯᠭ᠎ᠠ ᠶᠢ ᠲᠡᠷᠢᠭᠦᠨ ᠳᠤ ᠲᠠᠯᠪᠢᠬᠤ︾ ᠭᠦᠨᠵᠡᠭᠡᠢ | ᠠᠭᠤᠯᠤᠭᠳᠠᠬᠤᠨ ᠢ ᠣᠶᠢᠯᠠᠭᠠᠪᠠ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠯᠠᠭᠤ ᠺᠠᠳ᠋ᠷᠴᠤᠳ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ | ᠫᠢᠩ ᠤᠨ ᠥᠭᠦᠯᠡᠯᠲᠡ ᠶᠢᠨ ᠲᠡᠭᠦᠪᠦᠷᠢ︾ ᠶᠢᠨ ᠬᠡᠰᠡᠭ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ | ᠪᠠ ᠦᠵᠡᠯ ᠰᠠᠨᠠᠭ᠎ᠠ ᠣᠶᠢᠯᠠᠭᠠᠯᠲᠠ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠲᠡᠷᠡ ᠬᠡᠪ ᠢᠶᠠᠷ ᠢᠶᠠᠨ ᠪᠠᠶᠢᠬᠤ᠂ ᠪᠦᠯᠦᠭ | ᠪᠦᠯᠦᠭ ᠢᠶᠠᠷ ᠬᠡᠰᠡᠭ ᠳᠠᠷᠠᠭᠠᠯᠠᠨ ᠨᠠᠷᠢᠨ ᠬᠢᠨᠠᠮᠠᠭᠠᠢ ᠰᠤᠷᠤᠯᠴᠠᠬᠤ ᠪᠠᠷ ᠳᠠᠮᠵᠢᠭᠤᠯᠵᠤ᠂ ᠵᠠᠯᠠᠭᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ | ᠪᠠᠲᠤ ᠪᠠᠷ ᠪᠠᠷᠢᠮᠵᠢᠶ᠎ᠠ ᠪᠣᠯᠭᠠᠨ ᠦᠢᠯᠡ ᠠᠵᠢᠯᠯᠠᠭ᠎ᠠ ᠶᠢᠨ ᠵᠠᠭᠠᠭ ᠬᠢᠵᠠᠭᠠᠷ ᠢ ᠲᠣᠭᠲᠠᠭᠠᠪᠠ᠃ | | | | ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠲᠤ ᠥᠪᠡᠷ ᠢ ᠪᠠᠨ ᠳᠡᠯᠭᠡᠨ ᠦᠵᠡᠭᠦᠯᠬᠦ᠂ ᠦᠵᠡᠯ ᠰᠠᠨᠠᠭ᠎ᠠ ᠪᠠᠨ ᠰᠣᠯᠢᠯᠴᠠᠬᠤ ᠲᠠᠪᠴᠠᠩ ᠬᠠᠩᠭᠠᠵᠤ᠂ | ᠣᠯᠠᠨ ᠢᠶᠠᠷ ᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠪᠠ︔ ᠶᠠᠭ ᠥᠷᠨᠢᠭᠦᠯᠵᠦ ᠪᠠᠶᠢᠭ᠎ᠠ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ | ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠤᠯᠠᠮ ᠴᠢᠨᠠᠭᠰᠢᠳᠠ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠳᠤ ᠠᠭᠤᠯᠤᠭᠳᠠᠵᠤ ᠪᠠᠶᠢᠭ᠎ᠠ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ | ᠣᠶᠢᠯᠠᠭᠠᠵᠤ᠂ ᠮᠡᠳᠡᠬᠦᠶ ᠬᠢᠬᠦᠶ ᠶᠢ ᠨᠢᠭᠡᠳᠬᠡᠵᠦ᠂ ᠰᠤᠷᠤᠯᠴᠠᠯᠭ᠎ᠠ ᠪᠠᠷ ᠦᠢᠯᠡ ᠠᠵᠢᠯᠯᠠᠭ᠎ᠠ ᠶᠢ ᠠᠬᠢᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ | ᠰᠠᠨᠠᠭ᠎ᠠ ᠶᠢ ᠲᠤᠤᠱᠯᠠᠭᠤᠨ ᠨᠠᠶᠢᠳᠠᠪᠤᠷᠢᠵᠢᠭᠤᠯᠬᠤ ᠶᠢ ᠲᠠᠰᠤᠷᠠᠯᠳᠠ ᠦᠭᠡᠢ ᠪᠠᠬᠢᠵᠢᠭᠦᠯᠵᠦ᠂ ᠤᠬᠠᠮᠰᠠᠷ ᠠᠴᠠ ᠪᠠᠨ ᠤᠯᠠᠭᠠᠨ ᠵᠠᠭᠠᠯᠮᠠᠶᠢᠲᠠᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤᠴᠤᠳ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | |