ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽4·23︾ ᠤ ᠳᠡᠯᠡᠬᠡᠶ ᠶᠢᠨ ᠨᠣᠮ ᠤᠩᠰᠢᠬᠤ ᠡᠳᠦᠷ︾ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/24
      ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠨᠣᠮ ᠤᠩᠰᠢᠬᠤ ᠬᠠᠯᠠᠭᠤᠨ ᠰᠡᠳᠬᠢᠯᠭᠡ ᠶᠢ ᠤᠷᠮᠠᠰᠢᠭᠤᠯᠤᠨ ᠵᠣᠷᠢᠭᠵᠢᠭᠤᠯᠵᠤ᠂ ᠺᠠᠳ᠋ᠷ ᠠᠵᠢᠯᠲᠠᠳ ᠤᠨ ᠰᠣᠶᠣᠯ ᠤᠨ ᠬᠡᠪ ᠪᠣᠯᠪᠠᠰᠤᠷᠠᠯ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠤᠩᠰᠢᠯᠭ᠎ᠠ ᠶᠢ ᠨᠢᠭᠡ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠭᠠᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠡᠭᠦᠷ ᠪᠥᠬᠦ ᠨᠠᠮ ᠤᠨ ᠭᠡᠰᠢᠭᠦᠨ ᠪᠠ ᠵᠠᠯᠠᠭᠤᠴᠤᠳ ᠤᠨ ᠡᠪᠯᠡᠯ ᠤᠨ ᠺᠠᠳ᠋ᠷᠴᠤᠳ ᠢ ᠵᠣᠬᠢᠶᠠᠨ ᠪᠠᠶᠢᠭᠤᠯᠵᠤ 4 · 23 ᠳᠡᠯᠡᠬᠡᠶ ᠶᠢᠨ ᠨᠣᠮ ᠤᠩᠰᠢᠬᠤ ᠡᠳᠦᠷ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ ᠡᠭᠦᠷ ᠤᠨ ᠳᠡᠳ᠋ ᠱᠦᠵᠢ ᠨᠣᠮ ᠲᠠᠨᠢᠯᠴᠠᠭᠤᠯᠤᠭᠴᠢ ᠶᠢᠨ ᠬᠤᠪᠢ ᠪᠠᠷ ᠠᠵᠢᠯᠯᠠᠭ᠎ᠠ ᠶᠢ ᠡᠷᠬᠢᠯᠡᠪᠡ᠃      ᠠᠵᠢᠯᠯᠠᠭ᠎ᠠ ᠨᠢ ︽ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠰᠤᠷᠤᠯᠴᠠᠯᠭ᠎ᠠ ᠶᠢᠨ ᠲᠤᠬᠠᠢ ᠠᠰᠠᠭᠤᠯᠲᠠ ᠬᠠᠷᠢᠭᠤᠯᠲᠠ︾᠂ ︽ᠳᠤᠮᠳᠠᠳᠤ ᠤᠯᠤᠰ ᠤᠨ ᠭᠠᠵᠠᠷ ᠵᠦᠶ ᠶᠢᠨ ᠨᠡᠪᠲᠡᠷᠬᠡᠶ ᠲᠡᠤᠬᠡ︾᠂ ︽ᠳᠤᠮᠳᠠᠳᠤ ᠤᠯᠤᠰ ᠤᠨ ᠨᠡᠪᠲᠡᠷᠬᠡᠶ ᠲᠡᠤᠬᠡ︾᠂ ︽ᠡᠷᠭᠦᠨ᠎ᠡ ᠭᠤᠤᠯ ᠤᠨ ᠪᠠᠷᠠᠭᠤᠨ ᠡᠷᠭᠢ︾ ᠂ ︽ᠡᠩ ᠶᠢᠷᠲᠢᠨᠴᠦ︾ ᠵᠡᠷᠭᠡ ᠪᠠᠶᠢᠵᠤ᠂ ᠨᠠᠮ ᠤᠨ ᠭᠡᠰᠢᠭᠦᠳ ᠪᠠ ᠵᠠᠯᠠᠭᠤ ᠺᠠᠳ᠋ᠷᠴᠤᠳ ᠤᠩᠰᠢᠭᠰᠠᠨ ᠨᠣᠮ ᠢᠶᠠᠨ ᠬᠤᠪᠢᠶᠠᠯᠴᠠᠵᠤ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨᠲᠡᠶ ᠪᠠᠶᠢᠵᠤ᠂ ᠬᠤᠪᠢᠶᠠᠯᠴᠠᠭᠰᠠᠳ ᠬᠤᠪᠢ ᠬᠥᠮᠦᠨ ᠤ ᠣᠯᠤᠯᠲᠠ ᠲᠥᠷᠥᠭᠳᠡᠯ ᠢᠶᠠᠨ ᠰᠣᠯᠢᠯᠴᠠᠨ ᠶᠠᠷᠢᠯᠴᠠᠵᠤ᠂ ᠤᠩᠰᠢᠯᠭ᠎ᠠ ᠶᠢᠨ ᠲᠥᠷᠥᠭᠳᠡᠯ ᠢᠶᠠᠨ ᠬᠤᠪᠢᠶᠠᠯᠴᠠᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠠᠮ ᠤᠨ ᠭᠡᠰᠢᠭᠦᠨ ᠺᠠᠳ᠋ᠷᠴᠤᠳ ᠤᠨ ᠤᠩᠰᠢᠯᠭ᠎ᠠ ᠶᠢᠨ ᠬᠠᠶᠢᠷ᠎ᠠ ᠰᠡᠳᠬᠢᠯᠭᠡ᠂ ᠲᠠᠷᠠᠭᠠᠴᠢ ᠶᠢᠨ ᠠᠯᠬᠤᠮ ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠡᠭᠦᠷ ᠬᠢᠭᠡᠳ ᠵᠠᠯᠠᠭᠤᠴᠤᠳ ᠤᠨ ᠡᠪᠯᠡᠯ ᠤᠨ ᠣᠨᠣᠯ ᠰᠤᠷᠤᠯᠴᠠᠬᠤ ᠳᠤᠭᠤᠶᠢᠯᠠᠩ ᠢ ᠪᠠᠶᠢᠩᠭᠤᠵᠢᠭᠤᠯᠤᠨ ᠬᠤᠯᠪᠣᠭᠳᠠᠯ ᠪᠥᠬᠦᠶ ᠠᠵᠢᠯᠯᠠᠭ᠎ᠠ ᠥᠷᠨᠢᠭᠦᠯᠦᠭᠰᠡᠨ ᠪᠥᠭᠡᠳ ᠣᠯᠠᠨ ᠵᠦᠢᠯ ᠤᠨ ᠬᠡᠯᠪᠡᠷᠢ ᠪᠠᠷ ᠨᠠᠮ ᠤᠨ ᠭᠡᠰᠢᠭᠦᠨ ᠺᠠᠳ᠋ᠷᠴᠤᠳ ᠤᠨ ᠤᠩᠰᠢᠯᠭ᠎ᠠ ᠶᠢᠨ ᠳᠤᠷᠠᠲᠠᠶ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ