ᠵᠢᠷᠦᠬᠡ ᠶᠢ ᠭᠡᠮᠲᠦᠭᠡᠬᠦ ᠡᠨᠡ ᠨᠠᠢᠮᠠᠨ ᠵᠦᠢᠯ ᠤᠨ ᠶᠠᠪᠤᠳᠠᠯ ᠢ ᠬᠢᠵᠦ ᠪᠣᠯᠬᠤ ᠦᠭᠡᠢ
ᠨᠡᠶᠢᠲᠡᠯᠡᠭᠰᠡᠨ ᠴᠠᠭ᠄
2025/4/25
      ᠬᠥᠮᠥᠨ ᠤ ᠪᠡᠶ᠎ᠡ ᠶᠢᠨ ︽ᠬᠥᠳᠡᠯᠭᠡᠭᠦᠷ︾ ᠪᠣᠯᠤᠭᠰᠠᠨ ᠤ ᠬᠤᠪᠢ ᠳᠤ᠂ ᠵᠢᠷᠦᠬᠡ ᠲᠠᠰᠤᠷᠠᠯᠲᠠ ᠦᠭᠡᠢ ᠴᠢᠰᠤ ᠶᠢ ᠬᠥᠭᠡᠷᠭᠡᠳᠡᠬᠦ ᠪᠠᠷ ᠳᠠᠮᠵᠢᠨ ᠡᠨᠧᠷᠭᠢ ᠪᠠ ᠬᠦᠴᠢᠯᠲᠥ᠋ᠷᠥᠭᠴᠢ ᠶᠢ ᠬᠦᠷᠭᠡᠵᠦ᠂ ᠪᠡᠶ᠎ᠡ ᠶᠢᠨ ᠡᠯ᠎ᠡ ᠡᠷᠬᠡᠲᠡᠨ ᠤ ᠬᠡᠪ ᠤᠨ ᠠᠵᠢᠯᠯᠠᠭ᠎ᠠ ᠶᠢ ᠪᠠᠲᠤᠯᠠᠳᠠᠭ᠃ ᠬᠡᠳᠦᠶᠢᠪᠡᠷ ᠲᠡᠷᠡ ᠨᠢ ᠦᠵᠡᠬᠦ ᠳᠤ ᠡᠪᠳᠡᠷᠡᠰᠢ ᠦᠭᠡᠢ ᠪᠠᠲᠤ ᠪᠠᠬᠢ ᠪᠣᠯᠪᠠᠴᠤ ᠦᠨᠡᠨ ᠳᠡᠭᠡᠨ ᠲᠤᠶᠢᠯ ᠤᠨ ᠬᠡᠪᠡᠷᠡᠭ ᠡᠷᠬᠡᠲᠡᠨ ᠤ ᠨᠢᠭᠡ ᠨᠢ ᠪᠣᠯᠬᠤ ᠶᠤᠮ᠃ ᠨᠢᠭᠡ ᠡᠳᠦᠷ ᠤᠨ ᠳᠣᠲᠣᠷ᠎ᠠ ᠵᠢᠷᠦᠬᠡᠨ ᠤ ᠬᠠᠮᠤᠭ ᠬᠡᠪᠡᠷᠡᠭ ᠭᠤᠷᠪᠠᠨ ᠴᠠᠭ ᠮᠥᠴᠡ ᠳᠤ᠂ ᠦᠵᠡᠬᠦ ᠳᠤ ᠬᠤᠣᠷ ᠦᠭᠡᠢ ᠰᠢᠭ ᠡᠳᠦᠷ ᠲᠤᠲᠤᠮ ᠤᠨ ᠵᠠᠷᠢᠮ ᠳᠠᠳᠬᠠᠯ ᠨᠢ ᠦᠨᠡᠨ ᠳᠡᠭᠡᠨ ᠵᠢᠷᠦᠬᠡᠨ ᠤ ᠴᠢᠨᠢ ᠡᠷᠡᠭᠦᠯ ᠮᠡᠨᠳᠦ ᠶᠢ ᠰᠡᠮᠬᠡᠨ ᠬᠤᠬᠢᠷᠠᠭᠤᠯᠵᠤ ᠪᠠᠶᠢᠳᠠᠭ ᡽᠃      ᠡᠳᠦᠷ ᠲᠤ ᠵᠢᠷᠦᠬᠡ ᠬᠠᠮᠤᠭ ᠬᠡᠪᠡᠷᠡᠭ ᠪᠠᠶᠢᠳᠠᠭ ᠭᠤᠷᠪᠠᠨ ᠴᠠᠭ ᠪᠠᠶᠢᠨ᠎ᠠ      ᠬᠠᠷᠠᠮᠥ᠋ᠷᠡᠨ ᠮᠤᠵᠢ ᠶᠢᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠵᠣᠣ ᠬᠤᠩ 2024 ᠣᠨ ᠳᠤ ᠬᠤᠪᠢ ᠬᠥᠮᠥᠨ ᠤ ᠸᠢᠴᠠᠲ ᠤᠨ ᠠᠯᠪᠠᠨ ᠳ᠋ᠤᠭᠠᠷ ᠲᠤ ᠵᠣᠬᠢᠶᠠᠯ ᠨᠡᠶᠢᠲᠡᠯᠡᠵᠦ ᠲᠠᠨᠢᠯᠴᠠᠭᠤᠯᠬᠤ ᠳᠠᠭᠠᠨ᠂ ᠨᠢᠭᠡ ᠡᠳᠦᠷ ᠤᠨ ᠳᠣᠲᠣᠷ᠎ᠠ ᠭᠤᠷᠪᠠᠨ ᠴᠠᠭ ᠦᠶ᠎ᠡ ᠳᠤ ᠵᠢᠷᠦᠬᠡ ᠨᠢ ᠬᠠᠮᠤᠭ ᠤᠨ ᠬᠡᠪᠡᠷᠡᠭ ᠪᠠᠶᠢᠳᠠᠭ ᠭᠡᠵᠦ ᠲᠠᠨᠢᠯᠴᠠᠭᠤᠯᠵᠠᠢ᠃      1.ᠥᠷᠯᠥᠭᠡ᠄ 6 ~ 8 ᠴᠠᠭ      ᠥᠷᠯᠥᠭᠡ ᠪᠣᠯ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠣᠷᠭᠢᠯ ᠤᠨ ᠦᠶ᠎ᠡ ᠮᠥᠨ᠂ ᠡᠨᠡ ᠬᠦ ᠦᠵᠡᠭᠳᠡᠯ ᠢ ︽ᠥᠷᠯᠥᠭᠡ ᠶᠢᠨ ᠣᠷᠭᠢᠯ ᠤᠨ ᠦᠵᠡᠭᠳᠡᠯ︾ ᠭᠡᠳᠡᠭ᠃ ᠡᠭᠦᠨ ᠤ ᠰᠢᠯᠲᠠᠭᠠᠨ ᠨᠢ᠂ ᠨᠢᠭᠡ ᠰᠥᠨᠢ ᠠᠮᠠᠷᠠᠭᠰᠠᠨ ᠤ ᠳᠠᠷᠠᠭ᠎ᠠ᠂ ᠬᠥᠮᠥᠨ ᠤ ᠪᠡᠶ᠎ᠡ ᠶᠢᠨ ᠤᠰᠤ ᠨᠢ ᠠᠯᠳᠠᠭᠳᠠᠵᠤ᠂ ᠴᠢᠰᠤ ᠨᠢ ᠬᠠᠷᠢᠴᠠᠩᠭᠤᠢ ᠪᠠᠷ ᠥᠳᠬᠡᠷᠡᠵᠦ᠂ ᠴᠢᠰᠤᠨ ᠤᠷᠤᠰᠬᠠᠯ ᠤᠨ ᠬᠤᠷᠳᠤᠴᠠ ᠨᠢ ᠤᠳᠠᠭᠠᠰᠢᠷᠠᠳᠠᠭ᠃ ᠬᠡᠷᠪᠡ ᠡᠨᠡ ᠦᠶ᠎ᠡ ᠳᠤ ᠪᠢᠳᠡ ᠪᠣᠰᠣᠭᠠᠳ ᠬᠥᠳᠡᠯᠭᠡᠭᠡᠨ ᠬᠢᠬᠦ ᠪᠠᠷ ᠶᠠᠭᠠᠷᠠᠪᠠᠯ᠂ ᠴᠢᠰᠤᠨ ᠳᠠᠷᠤᠯᠲᠠ ᠦᠳᠲᠡᠷ ᠲᠦᠷᠭᠡᠨ ᠳᠡᠭᠡᠭᠰᠢᠯᠡᠵᠦ᠂ ᠵᠢᠷᠦᠬᠡᠨ ᠤ ᠳᠠᠭᠠᠭᠠᠬᠤ ᠳᠠᠷᠤᠯᠲᠠ ᠴᠤ ᠳᠠᠭᠠᠯᠳᠤᠨ ᠨᠡᠮᠡᠭᠳᠡᠨ᠎ᠡ᠃      ᠡᠶᠢᠮᠦ ᠠᠴᠠ ᠪᠣᠰᠬᠤ ᠳᠠᠭᠠᠨ ᠬᠡᠲᠦᠷᠬᠡᠢ ᠶᠠᠭᠠᠷᠠᠵᠤ ᠪᠣᠯᠬᠤ ᠦᠭᠡᠢ᠃ ᠰᠡᠷᠢᠭᠰᠡᠨ ᠤ ᠳᠠᠷᠠᠭ᠎ᠠ ᠤᠷᠢᠳ ᠢᠶᠠᠷ ᠲᠠᠶᠢᠪᠤᠩ ᠬᠡᠪᠲᠡᠵᠦ᠂ ᠪᠡᠶ᠎ᠡ ᠪᠠᠨ ᠠᠭᠠᠵᠢᠮ ᠢᠶᠠᠷ ᠵᠣᠬᠢᠴᠠᠭᠤᠯᠤᠨ᠎ᠠ᠂ ᠳᠠᠷᠠᠭ᠎ᠠ ᠨᠢ ᠨᠢᠭᠡ ᠴᠣᠮᠣ ᠪᠦᠯᠢᠶᠡᠨ ᠤᠰᠤ ᠤᠤᠭᠤᠵᠤ᠂ ᠴᠢᠰᠤ ᠪᠠᠨ ᠰᠢᠩᠭᠡᠷᠡᠭᠦᠯᠵᠦ᠂ ᠵᠢᠷᠦᠬᠡᠨ ᠤ ᠪᠠᠨ ᠳᠠᠷᠤᠭᠠᠰᠤ ᠶᠢ ᠬᠥᠩᠭᠡᠯᠡᠨ᠎ᠡ᠃ ᠥᠷᠯᠥᠭᠡ ᠶᠢᠨ ᠬᠤᠭᠤᠯᠠᠨ ᠳᠤ ᠪᠠᠰᠠ ᠬᠡᠲᠦᠷᠬᠡᠢ ᠲᠣᠰᠣᠯᠢᠭ ᠪᠤᠶᠤ ᠬᠡᠲᠦᠷᠬᠡᠢ ᠱᠣᠷᠪᠣᠭ ᠢᠳᠡᠭᠡᠨ ᠢᠳᠡᠬᠦ ᠠᠴᠠ ᠵᠠᠶᠢᠯᠠᠰᠬᠢᠬᠦ ᠬᠡᠷᠡᠭᠲᠡᠢ᠃      2.ᠦᠳᠡ ᠶᠢᠨ ᠡᠮᠦᠨ᠎ᠡ᠄ 9~11 ᠴᠠᠭ      ᠡᠨᠡ ᠬᠦ ᠬᠤᠭᠤᠴᠠᠭᠠᠨ ᠳᠤ ᠴᠢᠰᠤᠨ ᠳᠠᠷᠤᠯᠲᠠ ᠶᠡᠷᠦ ᠳᠡᠭᠡᠨ ᠨᠢᠭᠡ ᠡᠳᠦᠷ ᠤᠨ ᠥᠨᠳᠥᠷ ᠤᠷᠬᠢᠯ ᠳᠤ ᠬᠦᠷᠬᠦ ᠶᠢᠨ ᠬᠠᠮᠲᠤ ᠰᠣᠯᠪᠢᠭᠤ ᠮᠡᠳᠡᠷᠡᠯ ᠪᠠᠰᠠ ᠳᠡᠭᠡᠳᠦ ᠬᠡᠮᠵᠢᠶᠡᠨ ᠤ ᠬᠥᠭᠡᠷᠦᠯᠲᠡ ᠶᠢᠨ ᠪᠠᠶᠢᠳᠠᠯ ᠳᠤ ᠣᠷᠣᠳᠠᠭ᠃ ᠬᠥᠮᠥᠰ ᠠᠮᠠᠷᠬᠠᠨ ᠰᠡᠳᠬᠢᠯ ᠬᠥᠳᠡᠯᠵᠦ᠂ ᠵᠢᠷᠦᠬᠡ ᠨᠢ ᠶᠠᠭ ᠯᠠ ᠨᠢᠭᠡᠨ ᠬᠤᠷᠳᠤᠨ ᠡᠷᠭᠢᠯᠳᠦᠵᠦ ᠪᠠᠶᠢᠭ᠎ᠠ ᠪᠢᠴᠢᠬᠠᠨ ᠮᠣᠲ᠋ᠣᠷ ᠰᠢᠭ᠋ ᠪᠠᠶᠢᠳᠠᠭ᠃ ᠭᠡᠪᠡᠴᠦ ᠡᠨᠡ ᠨᠢ ᠪᠠᠰᠠ ᠵᠢᠷᠦᠬᠡᠨ ᠤ ᠠᠰᠠᠭᠤᠳᠠᠯ ᠢ ᠡᠭᠦᠰᠬᠡᠵᠦ ᠮᠡᠳᠡᠨ᠎ᠡ᠃      ᠡᠶᠢᠮᠦ ᠠᠴᠠ ᠡᠨᠡ ᠬᠤᠭᠤᠴᠠᠭᠠᠨ ᠳᠤ ᠪᠢᠳᠡ ᠰᠢᠷᠦᠭᠦᠨ ᠬᠥᠳᠡᠯᠭᠡᠭᠡᠨ ᠪᠠ ᠤᠷᠮ᠎ᠠ ᠰᠡᠳᠬᠢᠯᠭᠡ ᠶᠢᠨ ᠲᠣᠭᠲᠠᠪᠤᠷᠢ ᠦᠭᠡᠢ ᠪᠠᠶᠢᠳᠠᠯ ᠠᠴᠠ ᠵᠠᠶᠢᠯᠠᠰᠬᠢᠬᠦ ᠬᠡᠷᠡᠭᠲᠡᠢ᠃ ᠵᠢᠷᠦᠬᠡᠨ ᠤ ᠪᠠᠶᠢᠳᠠᠯ ᠮᠠᠭᠤ ᠬᠥᠮᠥᠰ ᠣᠨᠴᠠᠭᠠᠶᠢᠯᠠᠨ ᠠᠩᠬᠠᠷᠬᠤ ᠴᠢᠬᠤᠯᠠᠲᠠᠢ᠂ ᠦᠳᠡ ᠶᠢᠨ ᠬᠤᠭᠤᠯᠠ ᠶᠢ ᠬᠡᠲᠦᠷᠡᠲᠡᠯ᠎ᠡ ᠢᠳᠡᠵᠦ ᠪᠣᠯᠬᠤ ᠦᠭᠡᠢ᠂ ᠬᠤᠭᠤᠯᠠᠨ ᠤ ᠳᠠᠷᠠᠭ᠎ᠠ ᠲᠦᠷ ᠠᠯᠬᠤᠯᠠᠵᠤ᠂ ᠦᠳᠡ ᠳᠤ ᠬᠠᠭᠠᠰ ᠴᠠᠭ ᠤᠨᠲᠠᠵᠤ᠂ ᠵᠢᠷᠦᠬᠡ ᠪᠠᠨ ᠠᠮᠠᠷᠠᠭᠤᠯᠤᠨ᠎ᠠ᠃      3. ᠦᠳᠡ ᠶᠢᠨ ᠬᠤᠶᠢᠨ᠎ᠠ᠄ 2 ~ 4 ᠴᠠᠭ      ᠦᠳᠡ ᠶᠢᠨ ᠬᠤᠶᠢᠨ᠎ᠠ᠂ ᠠᠵᠢᠯ ᠤᠨ ᠳᠠᠷᠤᠭᠠᠰᠤ ᠶᠢᠨ ᠨᠡᠮᠡᠭᠳᠡᠬᠦ ᠶᠢ ᠳᠠᠭᠠᠯᠳᠤᠨ᠂ ᠪᠡᠶ᠎ᠡ ᠰᠡᠳᠬᠢᠯ ᠠᠭᠠᠵᠢᠮ ᠢᠶᠠᠷ ᠶᠠᠳᠠᠷᠠᠬᠤ ᠶᠢᠨ ᠳᠡᠭᠡᠷ᠎ᠡ ᠦᠳᠡ ᠶᠢᠨ ᠬᠤᠭᠤᠯᠠᠨ ᠤ ᠳᠠᠷᠠᠭ᠎ᠠ ᠰᠢᠩᠭᠡᠭᠡᠯᠲᠡ ᠶᠢᠨ ᠰᠢᠰᠲ᠋ᠧᠮ ᠨᠡᠩ ᠠᠷᠪᠢᠨ ᠴᠢᠰᠤ ᠬᠡᠷᠡᠭᠰᠡᠵᠦ᠂ ᠵᠢᠷᠦᠬᠡᠨ ᠤ ᠴᠢᠰᠤᠨ ᠤ ᠬᠠᠩᠭᠠᠯᠲᠠ ᠬᠠᠷᠢᠴᠠᠩᠭᠤᠢ ᠪᠠᠷ ᠪᠠᠭᠠᠰᠤᠨ᠎ᠠ᠂ ᠡᠨᠡ ᠦᠶ᠎ᠡ ᠳᠤ ᠵᠢᠷᠦᠬᠡ ᠨᠡᠩ ᠠᠮᠠᠷᠬᠠᠨ ᠶᠠᠳᠠᠷᠠᠨ᠎ᠠ᠃ ᠢᠯᠠᠩᠭᠤᠶ᠎ᠠ ᠤᠷᠲᠤ ᠬᠤᠭᠤᠴᠠᠭ᠎ᠠ ᠪᠠᠷ ᠠᠯᠪᠠᠨ ᠭᠡᠷ ᠲᠤ ᠰᠠᠭᠤᠵᠤ᠂ ᠬᠥᠳᠡᠯᠭᠡᠭᠡᠨ ᠳᠤᠲᠠᠮᠠᠭ ᠬᠥᠮᠥᠰ ᠤᠨ ᠴᠢᠰᠤᠨ ᠤ ᠡᠷᠭᠢᠯᠲᠡ ᠮᠠᠭᠤᠳᠠᠵᠤ᠂ ᠵᠢᠷᠦᠬᠡᠨ ᠤ ᠳᠠᠷᠤᠭᠠᠰᠤ ᠤᠯᠠᠮ ᠬᠦᠨᠳᠦᠷᠡᠨ᠎ᠡ᠃      ᠡᠶᠢᠮᠦ ᠠᠴᠠ ᠠᠵᠢᠯ ᠤᠨ ᠵᠠᠪᠰᠠᠷ ᠲᠤ ᠪᠣᠰᠴᠤ ᠬᠥᠳᠡᠯᠭᠡᠭᠡᠨ ᠬᠢᠬᠦ ᠪᠠᠨ ᠴᠡᠭᠡᠵᠢᠯᠡᠵᠦ ᠤᠳᠠᠭᠠᠨ ᠰᠠᠭᠤᠬᠤ ᠠᠴᠠ ᠬᠢᠴᠢᠶᠡᠬᠦ ᠬᠡᠷᠡᠭᠲᠡᠢ᠃ ᠣᠷᠣᠢ ᠶᠢᠨ ᠬᠤᠭᠤᠯᠠ ᠶᠢ ᠴᠤ ᠬᠡᠲᠦᠷᠡᠲᠡᠯ᠎ᠡ ᠢᠳᠡᠵᠦ ᠪᠣᠯᠬᠤ ᠦᠭᠡᠢ᠃      ᠡᠳᠡᠭᠡᠷ 8 ᠳᠠᠳᠬᠠᠯ ᠨᠢ ᠰᠠᠨᠠᠮᠰᠠᠷ ᠦᠭᠡᠢ ᠪᠠᠷ ᠵᠢᠷᠦᠬᠡ ᠶᠢ ᠭᠡᠮᠲᠦᠭᠡᠳᠡᠭ      1. ᠲᠠᠮᠠᠬᠢ ᠲᠠᠲᠠᠬᠤ      2. ᠤᠳᠠᠭᠠᠨ ᠰᠠᠭᠤᠬᠤ      3. ᠳᠠᠪᠤᠰᠤ ᠰᠢᠬᠢᠷ ᠶᠡᠬᠡᠲᠡᠢ ᠢᠳᠡᠭᠡᠨ ᠤᠮᠳᠠᠭᠠᠨ ᠢᠳᠡᠬᠦ      4. ᠠᠷᠢᠬᠢ ᠤᠤᠭᠤᠬᠤ      5. ᠨᠣᠶᠢᠷ ᠵᠢᠮ᠎ᠡ ᠶᠣᠰᠣ ᠦᠭᠡᠢ      6. ᠴᠢᠰᠤᠨ ᠳᠠᠷᠤᠯᠲᠠ᠂ ᠴᠢᠰᠤᠨ ᠤ ᠥᠭᠡᠬᠦ᠂ ᠴᠢᠰᠤᠨ ᠰᠢᠬᠢᠷ ᠦᠨᠳᠦᠷ ᠪᠠᠶᠢᠲᠠᠯ᠎ᠠ ᠪᠠᠨ ᠬᠠᠮᠢᠶᠠᠷᠬᠤ ᠦᠭᠡᠢ      7. ᠮᠠᠷᠢᠶᠠᠯᠠᠬᠤ      8. ᠤᠴᠢᠷ ᠶᠠᠪᠤᠳᠠᠯ ᠲᠣᠬᠢᠶᠠᠯᠳᠤᠪᠠᠯ ᠳᠠᠩᠳᠠ ᠠᠭᠤᠷᠯᠠᠬᠤ
ᠢᠷᠡᠯᠲᠡ᠄ ᠠᠷᠠᠳ ᠤᠨ ᠮᠣᠩᠭᠤᠯ ᠰᠦᠯᠵᠢᠶ᠎ᠡ