4 ᠰᠠᠷ᠎ᠠ ᠶᠢᠨ 24 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 6 | ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠵᠢᠴᠢ ᠳᠡᠭᠡᠳᠦ ᠱᠠᠲᠤᠨ ᠤ ᠬᠠᠮᠢᠶ᠎ᠠ ᠪᠥᠬᠦᠶ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠵᠦᠢᠯᠡᠰ ᠢ ᠰᠤᠳᠤᠯᠵᠤ᠂ ᠬᠠᠮᠢᠶ᠎ᠠ ᠪᠥᠬᠦᠶ ᠠᠵᠢᠯ ᠤᠨ | ᠲᠥᠰᠦᠯ ᠢ ᠬᠢᠨᠠᠨ ᠵᠥᠪᠯᠡᠵᠦ᠂ ᠬᠤᠰᠢᠭᠤᠨ ᠤ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠠᠭᠤᠳᠠᠯᠵᠤ᠂ | ᠲᠡᠦᠬᠡ ᠰᠣᠶᠣᠯ ᠤᠨ ᠥᠪ ᠢ ᠬᠠᠮᠠᠭᠠᠯᠠᠨ ᠠᠰᠢᠭᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠵᠢᠴᠢ ᠤᠮᠠᠷᠠᠰᠢ | ᠨᠡᠬᠡᠬᠡᠯᠳᠡ ᠬᠢᠬᠦ ᠬᠠᠮᠲᠤᠷᠠᠯᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠠᠭᠤᠷ ᠠᠮᠢᠰᠬᠤᠯ ᠢ ᠪᠣᠶ | ᠪᠣᠯᠭᠠᠵᠤ᠂ ᠠᠵᠢᠯ ᠣᠯᠭᠤᠵᠤ ᠦᠢᠯᠡᠰ ᠴᠣᠭᠴᠠᠯᠠᠬᠤ ᠶᠢ ᠰᠠᠶᠢᠲᠤᠷ ᠠᠳᠬᠤᠬᠤ ᠬᠡᠷᠡᠭᠲᠡᠶ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠵᠤ᠂ | ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ |