ᠮᠠᠨ ᠤ ᠬᠤᠰᠢᠭᠤ ᠡᠳ᠋ ᠤᠨ ᠵᠠᠰᠠᠭ ᠤᠨ ᠪᠡᠯᠡ ᠮᠥᠩᠭᠦ᠂ ᠠᠷᠠᠳ ᠤᠨ ᠠᠮᠢᠳᠤᠷᠠᠯ ᠪᠠ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/4/25
      ᠨᠢᠭᠡ ᠳᠤ ᠰᠤᠷᠭᠠᠨ ᠬᠥᠮᠦᠵᠢᠯ ᠤᠨ ᠪᠡᠯᠡ ᠮᠥᠩᠭᠦ ᠶᠢ ᠨᠠᠷᠢᠯᠢᠭ ᠣᠨᠣᠪᠴᠢᠲᠠᠢ ᠲᠣᠬᠢᠷᠠᠭᠤᠯᠵᠤ᠂ ᠲᠡᠩᠴᠡᠭᠦᠷᠢᠲᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃ ᠲᠣᠰ ᠰᠠᠷ᠎ᠠ ᠳᠤ ᠰᠤᠷᠭᠠᠨ ᠬᠥᠮᠦᠵᠢᠯ ᠤᠨ ᠰᠢᠰᠲ᠋ᠧᠮ ᠳᠤ ᠨᠡᠶᠢᠲᠡ 135.93 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠨ ᠥᠭᠴᠦ᠂ ︽ᠰᠠᠭᠤᠷᠢ ᠪᠠᠲᠤᠯᠠᠭ᠎ᠠ ᠶᠢᠨ ᠲᠤᠰᠬᠠᠶ ᠲᠡᠳᠬᠦᠮᠵᠢ︾ ᠶᠢᠨ ᠬᠤᠤᠰ ᠬᠦᠷᠳᠦᠲᠦ ᠬᠥᠳᠡᠯᠭᠡᠬᠦ ᠬᠦᠴᠦᠨ ᠢ ᠪᠣᠶ ᠪᠣᠯᠭᠠᠪᠠ᠃      ᠰᠤᠷᠭᠠᠨ ᠬᠥᠮᠦᠵᠢᠯ ᠤᠨ ᠨᠡᠮᠡᠯᠲᠡ ᠪᠡᠯᠡ ᠮᠥᠩᠭᠦ ᠶᠢ 80 ᠲᠦᠮᠡᠨ ᠲᠥᠭᠦᠷᠢᠭ ᠥᠭᠴᠦ᠂ ᠰᠤᠷᠭᠠᠭᠤᠯᠢ ᠶᠢᠨ ᠡᠳᠦᠷ ᠲᠤᠲᠤᠮ ᠤᠨ ᠠᠵᠢᠯᠯᠠᠭᠠᠨ ᠤ ᠵᠠᠷᠤᠳᠠᠯ ᠢ ᠨᠥᠬᠦᠪᠥᠷᠢᠯᠡᠬᠦ᠂ ᠰᠠᠭᠤᠷᠢ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢ ᠬᠠᠮᠤᠷᠬᠤ ᠳᠤ ᠭᠤᠤᠯᠳᠠᠯᠭ᠎ᠠ ᠲᠠᠢ ᠬᠡᠷᠡᠭᠯᠡᠵᠦ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠷᠤᠯᠲᠠ ᠶᠢ ᠬᠥᠩᠭᠡᠷᠡᠭᠦᠯᠬᠦ ᠳᠤ ᠭᠤᠤᠯᠳᠠᠯᠭ᠎ᠠ ᠲᠠᠢ ᠬᠡᠷᠡᠭᠯᠡᠪᠡ᠃ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ 55.93 ᠲᠦᠮᠡᠨ ᠲᠥᠭᠦᠷᠢᠭ ᠰᠠᠯᠭᠠᠨ ᠥᠭᠴᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠢ ᠡᠳ᠋ ᠮᠥᠩᠭᠦ ᠪᠠᠷ ᠲᠤᠰᠠᠯᠠᠬᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠳᠤ ᠬᠡᠷᠡᠭᠯᠡᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ᠂ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠵᠦ᠂ ᠵᠢᠭᠠᠬᠤ ᠮᠠᠲ᠋ᠧᠷᠢᠶᠠᠯ ᠢ ᠵᠢᠭᠠᠬᠤ ᠠᠷᠭ᠎ᠠ ᠶᠢᠨ ᠪᠣᠯᠪᠠᠰᠤᠷᠠᠯ᠂ ᠵᠢᠭᠠᠨ ᠰᠤᠳᠤᠯᠬᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃      ᠬᠤᠶᠠᠷ ᠲᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠤᠷᠢᠳᠴᠢᠯᠠᠨ ᠪᠠᠶᠢᠷᠢᠯᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠭᠵᠢᠭᠡᠪᠡ᠃ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ 20.48 ᠲᠦᠮᠡᠨ ᠲᠥᠭᠦᠷᠢᠭ ᠤᠨ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠪᠡᠯᠡ ᠮᠥᠩᠭᠦ ᠶᠢ ᠰᠠᠯᠭᠠᠨ ᠥᠭᠴᠦ᠂ ︽ᠲᠥᠯᠥᠪᠵᠢᠭᠦᠯᠬᠦ︾ ᠪᠠ ︽ᠨᠦᠭᠡᠴᠡᠯᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠪᠣᠯᠣᠮᠵᠢᠲᠤ ᠰᠤᠳᠤᠯᠭᠠᠨ᠂ ᠲᠥᠯᠥᠪᠵᠢᠭᠦᠯᠭᠡ ᠵᠢᠷᠤᠭ ᠲᠥᠯᠥᠪᠯᠡᠭᠡ ᠵᠢᠴᠢ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠳᠤ ᠬᠡᠷᠡᠭᠯᠡᠵᠦ᠂ ︽ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ︾ ᠲᠣᠭᠲᠠᠴᠠ ᠪᠠᠷ ᠳᠠᠮᠵᠢᠭᠤᠯᠤᠨ᠂ ᠵᠢᠭᠤᠯᠴᠢᠯᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠯᠭᠠᠮᠵᠢ ᠲᠥᠷᠥᠯ ᠵᠦᠢᠯ ᠤᠨ ᠬᠤᠳᠠᠯᠳᠤᠭᠠᠴᠢᠨ ᠤᠷᠢᠬᠤ᠂ ᠪᠦᠲᠦᠭᠡᠨ ᠪᠠᠶᠢᠭᠤᠯᠤᠯᠲᠠ ᠳᠤ ᠰᠠᠭᠤᠷᠢ ᠲᠠᠯᠪᠢᠵᠤ᠂ ᠣᠷᠣᠨ ᠪᠦᠰᠡ ᠶᠢᠨ ᠣᠨᠴᠠᠯᠢᠭᠲᠤ ᠰᠣᠶᠣᠯ ᠪᠠ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠳᠤ ᠬᠦᠴᠦ ᠨᠡᠮᠡᠷᠢᠯᠡᠵᠦ᠂ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠪᠠᠳᠠᠷᠠᠭᠤᠯᠬᠤ︾ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃      ᠭᠤᠷᠪᠠ ᠳᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠬᠦᠴᠦᠯᠡᠵᠦ᠂ ︽ᠰᠠᠶᠢᠨ ᠪᠤᠯᠤᠳ ᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ︾ ᠶᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠣᠭᠤᠰ ᠬᠡᠷᠡᠭᠯᠡᠬᠦ ᠡᠯ᠎ᠡ ᠨᠢᠭᠡᠴᠡ ᠶᠢ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠶ ᠪᠠᠯᠠ ᠮᠥᠩᠭᠦ ᠶᠢ ᠲᠤᠰᠬᠠᠶ ᠬᠡᠷᠡᠭᠯᠡᠬᠦ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ︽ᠵᠢᠩᠬᠢᠨᠢ ᠠᠯᠲᠠ ᠦᠨᠡᠨ ᠮᠥᠩᠭᠦ︾ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠳᠡᠭᠡᠭᠰᠢᠯᠡᠭᠦᠯᠬᠦ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ