ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 24 ᠳ᠋ᠤᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/25
      4 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 24 ᠳ᠋ᠤᠭᠡᠷ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠢᠦᠶ ᠸᠧᠶ ᠳ᠋ᠦᠩ ᠬᠤᠷᠠᠯ  ᠡᠷᠭᠢᠯᠡᠵᠦ᠂ ᠳᠡᠳ᠋ ᠡᠷᠬᠢᠯᠡᠭᠴᠢ ᠳ᠋ᠠᠶ ᠬᠤᠩ ᠰᠢᠤᠸᠠᠢ᠂ ᠶᠢᠨ ᠢ ᠮᠢᠨ᠂ ᠵᠣᠣ ᠳ᠋ᠠ ᠹᠦ᠋᠂ ᠨᠠᠷᠢᠨ ᠪᠢᠴᠢᠭ ᠤᠨ ᠳᠠᠷᠤᠭ᠎ᠠ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠨ ᠱᠦ ᠯᠢ᠂ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠵᠦ᠂ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠶ᠂ 2023 ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ᠂ 2024 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ 2024 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠮᠡᠳᠡᠭᠦᠯᠦᠯᠲᠡ᠂ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ︵ᠲᠥᠰᠦᠯ︶ ᠶᠢ  ᠰᠣᠨᠣᠰᠴᠤ ᠬᠢᠨᠠᠨ ᠵᠥᠪᠯᠡᠪᠡ᠃      ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠢᠴᠠᠭᠠᠭᠰᠠᠨ ᠮᠡᠳᠡᠭᠦᠯᠦᠯᠲᠡ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠵᠡᠷᠭᠡ ᠵᠦᠢᠯᠡᠰ ᠢ ᠪᠠᠲᠤᠯᠠᠪᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ