ᠰᠤᠷᠲᠠᠯ ᠢ ᠴᠡᠭᠴᠡᠯᠡᠬᠦ᠂ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠢᠷᠠᠯ ᠢ ᠡᠰᠡᠷᠭᠦᠴᠡᠬᠦ ᠡᠨᠡ ᠭᠤᠷᠪᠠ ᠬᠠᠷᠢᠯᠴᠠᠨ ᠨᠥᠬᠦᠴᠡᠯᠳᠦᠵᠦ᠂ ᠠᠯᠢ ᠨᠢ ᠴᠦ | ᠳᠤᠲᠠᠭᠳᠠᠵᠤ ᠪᠣᠯᠤᠰᠢ ᠦᠭᠡᠢ ᠶᠤᠮ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠨᠡᠪᠲᠡᠷᠡᠭᠦᠯᠵᠦ᠂ ︽ᠵᠡᠷᠭᠡ ᠪᠠᠷ | ᠪᠠᠶᠢᠴᠠᠭᠠᠬᠤ︾ ᠪᠠᠷ ᠰᠤᠷᠳᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠭᠡᠵᠦ᠂ ︽ᠵᠡᠷᠭᠡ ᠪᠠᠷ ᠵᠠᠰᠠᠬᠤ︾ ᠪᠠᠷ ᠰᠤᠷᠲᠠᠯ ᠢᠯᠵᠢᠷᠠᠯ ᠤᠨ ᠨᠡᠶᠢᠲᠡᠴᠢ | ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠶᠢ ᠬᠦᠲᠦᠯᠦᠨ ᠵᠢᠯᠣᠭᠤᠳᠴᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ | ᠬᠢᠬᠦ ᠶᠢ ᠡᠷᠡᠰ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠨᠡᠩ ᠭᠦᠨ ᠬᠠᠳᠠᠩᠰᠢᠭᠤᠯᠵᠤ᠂ ᠨᠠᠮ ᠢ | ᠡᠭᠦᠷᠢᠳᠡ ᠡᠷᠡᠭᠦᠯ ᠪᠥᠭᠡᠳ ᠠᠮᠢᠵᠢᠷᠠᠯ ᠤᠨ ᠬᠦᠴᠦᠨ ᠲᠠᠢ ᠪᠠᠶᠢᠯᠭᠠᠬᠤ ᠬᠡᠷᠡᠭᠲᠡᠢ᠃ | ᠰᠤᠷᠳᠠᠯ ᠢᠯᠵᠢᠷᠠᠯ ᠤᠨ ᠠᠰᠠᠭᠤᠳᠠᠯ ᠨᠢ ᠬᠠᠷᠢᠯᠴᠠᠨ ᠲᠦᠰᠢᠯᠴᠡᠵᠦ᠂ ᠡᠬᠢ ᠨᠢᠭᠡᠲᠡᠶ ᠶᠤᠮ᠃ ᠲᠥᠪ ᠪᠤᠰᠤ ᠰᠤᠷᠲᠠᠯ ᠪᠣᠯ ᠢᠯᠵᠢᠷᠠᠯ ᠢ ᠡᠭᠦᠰᠭᠡᠬᠦ ᠥᠯᠥᠭᠡᠶ | ᠮᠥᠨ᠂ ᠢᠯᠵᠢᠷᠠᠯ ᠨᠢ ᠢᠮᠠᠭᠲᠠ ᠰᠤᠷᠲᠠᠯ ᠲᠦᠪ ᠪᠤᠰᠤ ᠠᠴᠠ ᠡᠬᠢᠯᠡᠳᠡᠭ᠃ ᠴᠥᠭᠡᠨ ᠪᠤᠰᠤ ᠨᠠᠮ ᠤᠨ ᠭᠡᠰᠢᠭᠦᠨ ᠺᠠᠳ᠋ᠷ ︽ᠨᠢᠭᠡ ᠡᠷᠢᠨ ᠤ ᠬᠤᠭᠤᠯᠠ ᠢᠳᠡᠬᠦ︾᠂ | ︽ᠨᠢᠭᠡ ᠯᠣᠩᠬᠤ ᠠᠷᠢᠬᠢ ᠤᠤᠭᠤᠬᠤ︾᠂ ︽ᠨᠢᠭᠡ ᠺᠠᠷᠲ ᠳᠤᠰᠴᠤ ᠠᠪᠬᠤ︾ ᠵᠡᠷᠭᠡ ᠠᠴᠠ ᠡᠬᠢᠯᠡᠨ ᠠᠭᠠᠵᠢᠮ ᠢᠶᠠᠷ ᠢᠯᠵᠢᠷᠠᠯ ᠤᠨ ᠭᠦᠨ ᠬᠥᠪ ᠲᠤ ᠤᠨᠠᠳᠠᠭ ᠢ | ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠰᠡᠷᠡᠮᠵᠢᠯᠡᠭᠦᠯᠦᠭᠰᠡᠨ ᠶᠤᠮ᠃ ᠭᠠᠵᠢᠭᠤ ᠰᠤᠷᠲᠠᠯ ᠨᠢ ᠢᠯᠵᠢᠷᠠᠯ ᠢ ᠤᠯᠠᠮ ᠬᠡᠴᠡᠭᠦᠳᠡᠭᠦᠯᠵᠦ᠂ ᠴᠢᠨᠠᠭᠰᠢᠯᠠᠪᠠᠯ ᠨᠢᠭᠡ ᠭᠠᠵᠠᠷ | ᠣᠷᠣᠨ ᠤ ᠬᠡᠪ ᠰᠤᠷᠲᠠᠯ ᠢ ᠮᠠᠭᠤᠳᠠᠭᠤᠯᠵᠤ᠂ ᠮᠠᠭᠤ ᠣᠷᠴᠢᠯ ᠢ ᠪᠤᠢ ᠪᠣᠯᠭᠠᠳᠠᠭ᠃ ᠰᠤᠷᠲᠠᠯ ᠢ ᠲᠥᠪ ᠪᠣᠯᠭᠠᠬᠤ ᠭᠡᠳᠡᠭ ᠪᠣᠯ ᠳᠠᠷᠤᠶ ︽ᠡᠷᠲᠡ ᠠᠴᠠ ᠠᠳᠬᠤᠵᠤ | ᠪᠠᠭ᠎ᠠ ᠠᠴᠠ ᠨᠢ ᠠᠳᠬᠤᠬᠤ︾ ᠰᠣᠨᠣᠷ ᠰᠡᠷᠡᠮᠵᠢ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠮᠠᠭᠤ ᠰᠤᠷᠲᠠᠯ ᠢ ᠬᠥᠷᠥᠰᠥ ᠰᠢᠷᠣᠶ ᠪᠠᠨ ᠠᠯᠳᠠᠵᠤ᠂ ᠨᠡᠪᠲᠡᠷᠡᠬᠦ | ᠵᠠᠮ ᠢᠶᠠᠨ ᠠᠯᠳᠠᠵᠤ᠂ ᠵᠠᠬ᠎ᠠ ᠳᠡᠯᠭᠡᠭᠦᠷ ᠢᠶᠠᠨ ᠠᠯᠳᠠᠬᠤ ᠪᠤᠯᠭᠠᠬᠤ ᠶᠠᠪᠤᠳᠠᠯ ᠪᠣᠯᠤᠨ᠎ᠠ᠃ | ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ︽ᠠᠯᠠᠭᠠᠨ ᠤ ᠪᠠᠨᠰᠠ︾ ᠮᠥᠨ᠂ ᠰᠤᠷᠲᠠᠯ ᠢᠯᠵᠢᠷᠠᠯ ᠤᠨ ᠠᠰᠠᠭᠤᠳᠠᠯ ᠢ ᠬᠤᠷᠢᠭᠯᠠᠬᠤ ︽ | ᠰᠡᠷᠭᠡᠶᠢᠯᠡᠯᠲᠡ ᠶᠢᠨ ᠬᠡᠷᠡᠮ︾ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠨᠢ ᠭᠠᠵᠢᠭᠤ ᠰᠤᠷᠲᠠᠯ ᠢ ᠴᠢᠷᠴᠤ ᠭᠠᠷᠭᠠᠨ᠂ ᠢᠯᠵᠢᠷᠠᠯ ᠤᠨ ᠦᠢᠯᠡ ᠠᠵᠢᠯᠯᠠᠭ᠎ᠠ ᠳᠤ ᠴᠣᠬᠢᠯᠲᠠ | ᠥᠭᠴᠦ ᠪᠠᠶᠢᠭ᠎ᠠ ᠶᠠᠪᠤᠳᠠᠯ ᠶᠤᠮ᠃ ᠨᠠᠮ ᠤᠨ ᠭᠡᠰᠢᠭᠦᠨ ᠺᠠᠳ᠋ᠷ ᠬᠤᠪᠢ ᠬᠥᠮᠦᠨ ᠭᠡᠰᠡᠨ ᠦᠭᠡᠢ᠂ ᠪᠠᠶᠢᠭᠤᠯᠭ᠎ᠠ ᠨᠢᠭᠡᠴᠢ ᠬᠠᠮᠲᠤ ᠭᠡᠰᠡᠨ ᠦᠭᠡᠢ᠂ ᠰᠠᠬᠢᠯᠭ᠎ᠠ | ᠪᠠᠲᠤ ᠶᠢᠨ ᠤᠬᠠᠮᠰᠠᠷ ᠴᠢᠩᠭ᠎ᠠ ᠪᠢᠰᠢ ᠪᠣᠯ ᠠᠵᠠ ᠬᠠᠷᠠᠬᠤ ᠪᠤᠳᠤᠯ ᠤᠷᠤᠵᠤ᠂ ᠰᠤᠷᠲᠠᠯ ᠢᠯᠵᠢᠷᠠᠯ ᠤᠨ ᠠᠰᠠᠭᠤᠳᠠᠯ ᠲᠣᠯᠣᠭᠠᠢ ᠥᠨᠳᠡᠶᠢᠬᠦ ᠪᠣᠯᠤᠨ᠎ᠠ᠃ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠨᠢ ᠵᠦᠪᠬᠡᠨ ᠰᠤᠷᠤᠯᠴᠠᠬᠤ᠂ ᠰᠤᠨᠤᠰᠬᠤ᠂ ᠦᠵᠡᠬᠦ ᠳᠡᠭᠡᠷ᠎ᠡ ᠵᠣᠭᠰᠣᠩᠭᠤᠶᠢᠷᠠᠵᠤ ᠪᠣᠯᠬᠤ ᠦᠭᠡᠢ᠂ ᠡᠷᠬᠡᠪᠰᠢ | ᠤᠯᠠᠭᠠᠨ ᠱᠤᠭᠤᠮ ᠢ ᠲᠣᠳᠣᠷᠬᠠᠢ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠢ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠲᠡᠢ᠃ ᠰᠠᠬᠢᠯᠭ᠎ᠠ | ᠪᠠᠲᠤ ᠶᠢᠨ ᠬᠤᠷᠴᠠ ᠰᠡᠯᠡᠮ᠎ᠡ ᠪᠠᠷ ︽ᠰᠤᠷᠳᠠᠯ ᠤᠨ ᠠᠰᠠᠭᠤᠳᠠᠯ ᠨᠢ ᠢᠯᠵᠢᠷᠠᠯ ᠪᠤᠯᠵᠤ ᠤᠯᠠᠷᠢᠬᠤ︾ ᠳᠠᠮᠵᠢᠭᠤᠯᠬᠤ ᠬᠡᠯᠬᠢᠶ᠎ᠡ ᠶᠢ ᠲᠠᠰᠤᠯᠵᠤ᠂ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠬᠤ ᠬᠡᠷᠡᠭᠳᠡᠢ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ ᠰᠤᠷᠲᠠᠯ᠂ ᠰᠠᠬᠢᠯᠭ᠎ᠠ | ᠪᠠᠲᠤ᠂ ᠢᠯᠵᠢᠷᠠᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ | ᠰᠤᠷᠳᠠᠯ ᠤᠨ ᠠᠰᠠᠭᠤᠳᠠᠯ ᠨᠢ ᠢᠯᠵᠢᠷᠠᠯ ᠪᠤᠯᠵᠤ ᠤᠯᠠᠷᠢᠬᠤ︾ ᠳᠤ ᠨᠢᠭᠡ ᠤᠳᠠᠭᠠᠨ ᠤ ᠰᠤᠷᠲᠠᠯ ᠤᠨ ᠶᠡᠭᠡ ᠰᠢᠯᠭᠠᠯᠲᠠ ᠬᠢᠵᠦ᠂ ᠮᠥᠨ ᠬᠦ ᠰᠠᠨᠠᠭ᠎ᠠ ᠪᠠᠨ ᠬᠤᠷᠢᠶᠠᠬᠤ | ᠦᠭᠡᠶ᠂ ᠭᠠᠷ ᠢᠶᠠᠨ ᠲᠠᠲᠠᠬᠤ ᠦᠭᠡᠶ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤᠮᠳᠠ ᠠᠴᠠ ᠠᠰᠢᠭ ᠲᠤᠰᠠ ᠶᠢᠨ ᠬᠡᠯᠬᠢᠶ᠎ᠡ ᠶᠢ | ᠭᠦᠨᠵᠡᠭᠡᠶ ᠠᠭᠤᠳᠠᠯᠵᠤ᠂ ᠢᠯᠵᠢᠷᠠᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠪᠠᠰᠠ ︽ᠢᠯᠵᠢᠷᠠᠯ ᠢ ᠪᠠᠶᠢᠴᠠᠭᠠᠨ ᠰᠶᠢᠳᠪᠦᠷᠢᠯᠡᠬᠦ ᠪᠠᠷ | ᠰᠤᠷᠲᠠᠯ ᠢ ᠴᠡᠭᠴᠡᠯᠡᠨ ᠵᠠᠰᠠᠬᠤ︾᠂ ᠢᠯᠵᠢᠷᠠᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠠᠷᠢᠮᠲᠠᠯᠠᠵᠤ᠂ ᠬᠤᠷᠢᠭᠠᠲᠤ ᠣᠷᠣᠨ ᠦᠭᠡᠢ᠂ | ᠪᠦᠬᠦᠨ ᠢ ᠬᠠᠮᠤᠷᠬᠤ᠂ ᠤᠭᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠰ︾᠂ ︽ᠢᠯᠠᠭ᠎ᠠ︾ ᠢᠢ ᠵᠡᠷᠭᠡ ᠪᠠᠷ ᠴᠣᠬᠢᠵᠤ᠂ ᠢᠯᠵᠢᠷᠠᠯ ᠤᠨ | ᠦᠵᠡᠭᠳᠡᠯ ᠳᠤ ᠦᠷᠭᠦᠯᠵᠢᠯᠡᠨ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ᠃ | ᠰᠤᠷᠲᠠᠯ ᠢ ᠴᠡᠭᠴᠡᠯᠡᠨ ︽ᠬᠠᠰᠢᠯᠭ᠎ᠠ ᠪᠤᠰᠬᠠᠵᠤ︾᠂ ᠰᠢᠯᠢᠳᠡᠭ ᠰᠤᠷᠲᠠᠯ ᠢᠶᠠᠷ ᠬᠥᠲᠥᠯᠥᠨ ᠳᠠᠭᠠᠭᠤᠯᠬᠤ ᠬᠡᠷᠡᠭᠲᠡᠶ︔ ᠰᠠᠬᠢᠯᠭ᠎ᠠ ᠪᠠᠲᠤ ᠶᠢ ᠴᠢᠩᠳᠠᠯᠠᠨ ︽ | ᠬᠠᠰᠢᠯᠭ᠎ᠠ ᠶᠢ ᠪᠠᠬᠢᠯᠡᠵᠦ︾᠂ ᠰᠠᠬᠢᠯᠭ᠎ᠠ ᠪᠠᠲᠤ ᠶᠢ ᠴᠢᠩᠳᠠᠯᠠᠨ ᠪᠠᠲᠤᠯᠠᠭ᠎ᠠ ᠶᠢ ᠴᠢᠩᠭᠠᠳᠬᠠᠬᠤ ᠬᠡᠷᠡᠭᠳᠡᠢ︔ ᠢᠯᠵᠢᠷᠡᠯ ᠢ ᠡᠰᠡᠷᠭᠦᠴᠡᠨ ︽ᠨᠦᠯᠦᠮᠡᠯ ᠢ ᠠᠷᠢᠯᠭᠠᠵᠤ︾ | ᠂ ᠢᠯᠵᠢᠷᠡᠯ ᠢ ᠡᠰᠡᠷᠭᠦᠴᠡᠵᠦ ᠮᠠᠭᠤ ᠶᠢ ᠰᠢᠢᠳᠭᠡᠬᠦ ᠪᠠᠷ ᠬᠠᠷᠰᠢ ᠰᠠᠭᠠᠳ ᠢ ᠠᠷᠢᠯᠭᠠᠬᠤ ᠬᠡᠷᠡᠭᠲᠡᠢ ᠁ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦᠯᠢ | ᠴᠣᠭᠴᠠ ᠶᠢᠨ ᠰᠡᠳᠭᠢᠬᠦᠢ ᠶᠢ ᠪᠤᠢ ᠪᠣᠯᠭᠠᠵᠤ᠂ ᠰᠢᠰᠲᠤᠮ ᠤᠨ ᠦᠵᠡᠯᠲᠡ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠭᠠᠵᠢᠭᠤ | ᠰᠤᠷᠲᠠᠯ ᠢ ᠠᠷᠢᠯᠭᠠᠵᠤ᠂ ᠰᠤᠷᠲᠠᠯ ᠢᠯᠵᠢᠷᠡᠯ ᠤᠨ ᠠᠰᠠᠭᠤᠳᠠᠯ ᠢ ᠳᠠᠯᠳᠠᠯᠠᠬᠤ ᠭᠠᠵᠠᠷ ᠦᠭᠡᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠠᠮᠢ ᠠᠬᠤᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠬᠠᠮᠠᠭᠠᠯᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ | | |