ᠪᠣᠭᠳᠠᠠᠭᠤᠯᠠ ᠰᠣᠮᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2025/4/25
      ᠬᠤᠯᠤᠭᠠᠨ᠎ᠠ ᠶᠢᠨ ᠬᠢᠵᠢᠭ ᠨᠢ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠪᠣᠯᠤᠭᠰᠠᠨ ᠤ ᠬᠤᠪᠢ ᠳᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠦᠨᠳᠦ ᠨᠣᠴᠢᠲᠠᠶ ᠰᠦᠷᠳᠡᠭᠦᠯᠳᠡᠭ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠪᠣᠭᠳᠠᠠᠭᠤᠯᠠ ᠰᠣᠮᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ᠃ ᠲᠣᠰ ᠤᠳᠠᠭᠠᠨ ᠤ ᠰᠣᠷᠢᠯᠲᠠ ᠶᠢᠨ ᠵᠣᠷᠢᠯᠭ᠎ᠠ ᠨᠢ ᠡᠷᠡᠭᠦᠯ ᠬᠠᠮᠠᠭᠠᠯᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠯᠭᠠᠨ ᠪᠠᠶᠢᠴᠠᠭᠠᠵᠤ᠂ ᠡᠮᠴᠢ ᠰᠤᠪᠢᠯᠠᠭᠴᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠮᠨᠡᠯᠭᠡ ᠶᠢᠨ ᠠᠵᠢᠯᠲᠠᠨ ᠤ ᠬᠤᠭᠤᠷᠣᠨᠳᠣᠬᠢ ᠬᠠᠮᠵᠢᠯᠴᠠᠭ᠎ᠠ ᠶᠢ ᠨᠡᠮᠡᠭᠳᠡᠭᠦᠯᠬᠦ ᠶᠢᠨ ᠲᠥᠯᠥᠭᠡ ᠶᠤᠮ᠃
5.25宝东1.jpg
      ᠲᠣᠰ ᠤᠳᠠᠭᠠᠨ ᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠡᠮᠵᠢᠨ᠂ ᠪᠣᠭᠳᠠᠠᠭᠤᠯᠠ ᠰᠣᠮᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠡᠮᠴᠢ ᠰᠤᠪᠢᠯᠠᠭᠴᠢ ᠶᠢᠨ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠯ ᠪᠠ ᠠᠵᠢᠯᠯᠠᠭᠠᠨ ᠤ ᠬᠢᠨᠠᠨ ᠰᠢᠯᠭᠠᠯᠲᠠ ᠶᠢ ᠦᠷᠭᠦᠯᠵᠢᠯᠡᠨ ᠴᠢᠩᠭᠠᠳᠬᠠᠵᠤ᠂ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠡᠮᠦᠰᠴᠦ ᠲᠠᠶᠢᠯᠬᠤ ᠵᠢᠷᠤᠮᠵᠢᠯ ᠢ ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠪᠠ︔ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠤᠰᠬᠠᠶ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠠᠶᠢᠴᠠᠭᠠᠬᠤ ᠠᠵᠢᠯᠲᠠᠨ ᠤ ᠮᠡᠳᠡᠭᠡ ᠵᠠᠩᠭᠢ ᠶᠢ ᠴᠤᠭᠯᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠴᠠᠭᠠᠯᠲᠠ ᠶᠢᠨ ᠶᠠᠪᠤᠴᠠ ᠶᠢ ᠲᠡᠭᠦᠯᠳᠡᠷᠵᠢᠭᠦᠯᠪᠡ᠃ ᠡᠭᠦᠨ ᠤ ᠬᠠᠮᠲᠤ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ