ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/25
      ᠡᠨᠡ ᠵᠢᠯ ᠠᠴᠠ ᠨᠠᠰᠢ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ︽ᠡᠬᠢᠯᠡᠮᠡᠭᠴᠡ ᠰᠢᠪᠲᠤᠯᠤᠯᠲᠠ ᠬᠢᠵᠦ᠂ ᠡᠬᠢᠯᠡᠮᠡᠭᠴᠡ ᠲᠡᠷᠢᠭᠦᠨ ᠤ ᠬᠢ ᠶᠢ ᠲᠡᠮᠡᠴᠡᠨ ᠣᠯᠬᠤ︾ ᠤᠷᠤᠭᠰᠢᠯᠠᠯᠲᠠ ᠶᠢᠨ ᠣᠪᠣᠷ ᠪᠠᠢᠳᠠᠯ ᠢᠶᠠᠷ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ᠂ ᠡᠳ᠋ ᠤᠨ ᠵᠠᠰᠠᠭ ᠭᠠᠶᠢᠯᠢ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 27,854 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 76.91% ᠪᠠᠷ ᠨᠡᠮᠡᠭᠳᠡᠪᠡ᠂ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 24,480 ᠲᠦᠮᠡᠨ ᠲᠥᠭᠦᠷᠢᠭ ᠪᠡᠶᠡᠯᠡᠭᠦᠯᠪᠡ︔ ᠭᠠᠶᠢᠯᠢ ᠶᠢᠨ ᠪᠤᠰᠤ ᠣᠷᠣᠯᠭ᠎ᠠ ᠶᠢ 3,374 ᠲᠦᠮᠡᠨ ᠲᠥᠭᠦᠷᠢᠭ ᠪᠡᠶᠡᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠲᠦᠷᠦᠭᠦᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃      ᠨᠢᠭᠡ ᠳᠤ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠡᠳ᠋ ᠤᠨ ᠵᠠᠰᠠᠭ ᠤᠨ ᠨᠡᠶᠢᠯᠡᠮᠡᠯ ᠬᠦᠴᠦᠨ ᠢ ᠨᠢᠭᠲᠠᠷᠠᠭᠤᠯᠪᠠ᠃ ᠡᠳ᠋ ᠤᠨ ᠵᠠᠰᠠᠭ ᠤᠨ ᠣᠷᠣᠯᠭ᠎ᠠ ᠶᠢᠨ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠢᠱᠢᠭᠰᠡᠨ ᠬᠠᠷᠠᠯᠲᠠ ᠶᠢ ᠴᠢᠩᠭ᠎ᠠ ᠠᠩᠬᠠᠷᠴᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠬᠤᠰᠢᠭᠤᠨ ᠤ ᠤᠳᠤᠷᠢᠳᠤᠯᠭ᠎ᠠ ᠲᠦᠷᠦᠭᠦᠯᠡᠨ ᠬᠢᠵᠦ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠠᠲᠠᠪᠤᠷᠢᠯᠠᠨ ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠷᠣᠯᠭ᠎ᠠ ᠶᠢᠨ ᠲᠦᠭᠵᠢᠷᠡᠯ ᠤᠨ ᠴᠡᠭ ᠬᠦᠴᠢᠷ ᠵᠠᠩᠭᠢᠯᠠᠭ᠎ᠠ ᠶᠢᠨ ᠠᠰᠠᠭᠤᠳᠠᠯ ᠢ ᠵᠡᠷᠭᠡᠪᠡᠷ ᠬᠦᠴᠦᠯᠡᠨ ᠰᠢᠢᠳᠪᠦᠷᠢᠯᠡᠵᠦ᠂ ᠣᠷᠣᠯᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠢᠭᠡᠳᠦᠯᠲᠡᠶ ᠲᠥᠯᠥᠪᠯᠡᠨ ᠠᠬᠢᠭᠤᠯᠪᠠ᠃      ᠬᠤᠶᠠᠷ ᠲᠤ ᠲᠠᠲᠠᠪᠤᠷᠢᠯᠠᠬᠤ ᠶᠢ ᠴᠢᠩᠭᠠᠳᠬᠠᠵᠤ᠂ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠭᠦᠨ ᠠᠭᠤᠳᠠᠯᠪᠠ᠃ ᠡᠳ᠋ ᠤᠨ ᠵᠠᠰᠠᠭ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ ᠤ ᠡᠮᠦᠨ᠎ᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠢᠳᠡᠪᠬᠢᠲᠡᠶ ᠠᠷᠭᠠᠴᠠᠵᠤ᠂ ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ᠂ ᠳᠠᠪᠠᠭᠤᠯᠢᠭ ᠠᠵᠢᠯ ᠲᠥᠷᠥᠯ ᠵᠢᠴᠢ ᠭᠤᠤᠯᠯᠠᠭᠴᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠶᠢᠯᠢ ᠶᠢᠨ ᠢᠷᠡᠯᠲᠡ ᠶᠢ ᠬᠠᠮᠠᠭᠠᠯᠠᠬᠤ ᠠᠵᠢᠯ ᠢ ᠥᠷᠨᠢᠭᠦᠯᠪᠡ᠃      ᠭᠤᠷᠪᠠ ᠳᠤ ᠡᠬᠢ ᠪᠠᠶᠠᠯᠢᠭ ᠤᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠵᠣᠬᠢᠶᠠᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ︽ᠶᠡᠭᠡ ᠶᠢ ᠨᠢ ᠠᠳᠬᠤᠪᠠᠯ ᠪᠠᠭ᠎ᠠ ᠶᠢ ᠨᠢ ᠲᠠᠯᠪᠢᠬᠤ ᠥᠬᠡᠶ︾ ᠵᠠᠷᠴᠢᠮ ᠢ ᠪᠠᠷᠢᠮᠲᠠᠯᠠᠨ᠂ ᠭᠤᠤᠯᠳᠠᠯᠭ᠎ᠠ ᠲᠠᠢ ᠭᠦᠢᠴᠡᠳᠬᠡᠬᠦ ᠰᠠᠯᠠᠭ᠎ᠠ ᠮᠥᠴᠢᠷ ᠲᠠᠢ ᠨᠢᠭᠲᠠ ᠨᠡᠪᠲᠡᠷᠡᠯᠴᠡᠬᠦ ᠶᠢ ᠪᠠᠲᠤᠯᠠᠵᠤ᠂ ᠭᠠᠶᠢᠯᠢ ᠶᠢᠨ ᠪᠤᠰᠤ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠲᠤᠭ᠎ᠠ ᠶᠣᠰᠣᠭᠠᠷ ᠭᠦᠢᠴᠡᠳ ᠲᠠᠲᠠᠪᠤᠷᠢᠯᠠᠨ᠂ ᠬᠥᠮᠥᠷᠭᠡ ᠳᠤ ᠣᠷᠣᠭᠤᠯᠬᠤ ᠶᠢ ᠪᠠᠲᠤᠯᠠᠪᠠ᠃ ᠡᠭᠦᠨ ᠤ ᠬᠠᠮᠲᠤ᠂ ᠦᠯᠡᠳᠡᠭᠡᠯ ᠡᠳ᠋ ᠬᠥᠷᠥᠩᠭᠡ ᠶᠢᠨ ᠡᠬᠢ ᠪᠠᠶᠠᠯᠢᠭ ᠢ ᠢᠳᠡᠪᠬᠢᠲᠡᠶ ᠠᠮᠢᠯᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠢ ᠪᠠᠶᠠᠯᠢᠭ ᠤᠨ ᠣᠷᠣᠯᠭ᠎ᠠ ᠶᠢᠨ ᠳᠠᠯᠳᠠ ᠬᠦᠴᠦᠨ ᠢ ᠭᠦᠨ ᠠᠭᠤᠳᠠᠯᠵᠤ᠂ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠵᠤ ᠪᠠᠶᠢᠭ᠎ᠠ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠰᠤᠯᠠ ᠪᠠᠶᠢᠭ᠎ᠠ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠠᠷᠭ᠎ᠠ ᠪᠠᠷᠢᠯ ᠢᠶᠠᠷ ᠳᠠᠮᠵᠢᠨ᠂ ᠡᠳ᠋ ᠤᠨ ᠵᠠᠰᠠᠭ ᠤᠨ ᠣᠷᠣᠯᠭ᠎ᠠ ᠶᠢᠨ ᠰᠢᠨ᠎ᠡ ᠨᠡᠮᠡᠭᠳᠡᠯ ᠤᠨ ᠴᠡᠭ ᠢ ᠨᠡᠮᠡᠭᠳᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠰᠠᠶᠢᠨ ᠰᠠᠶᠢᠬᠠᠨ ᠠᠵᠢᠯ ᠤᠨ ᠪᠠᠶᠢᠳᠠᠯ ᠢᠶᠠᠨ ᠪᠠᠲᠤᠯᠠᠵᠤ᠂ ᠨᠢᠭᠡᠳᠦᠯᠲᠡᠶ ᠲᠥᠯᠥᠪᠯᠡᠨ ᠬᠠᠮᠵᠢᠯᠴᠠᠬᠤ ᠦᠢᠯᠡᠳᠦᠯ ᠢᠶᠠᠨ ᠪᠠᠳᠠᠷᠠᠭᠤᠯᠵᠤ᠂ ᠣᠷᠣᠯᠭ᠎ᠠ ᠶᠢᠨ ᠬᠠᠮᠢᠶᠠᠷᠤᠯᠲᠠ ᠶᠢᠨ ᠠᠵᠢᠯ ᠢ ᠥᠷᠭᠡᠴᠡ ᠪᠠ ᠭᠦᠨᠴᠡ ᠬᠤᠶᠠᠷ ᠲᠠᠯ᠎ᠠ ᠠᠴᠠ ᠰᠠᠶᠢᠲᠤᠷ ᠠᠳᠬᠤᠬᠤ ᠶᠢ ᠪᠠᠷᠢᠮᠲᠠᠯᠠᠵᠤ᠂ ᠪᠥᠬᠦ ᠵᠢᠯ ᠤᠨ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠤᠨ ᠲᠥᠯᠥᠪᠯᠡᠭᠡ ᠶᠢ ᠨᠠᠷᠢᠨ ᠨᠢᠮᠪᠠᠶ ᠪᠠᠶᠢᠷᠢᠯᠠᠭᠤᠯᠵᠤ᠂ ᠬᠠᠮᠢᠶ᠎ᠠ ᠪᠥᠬᠦᠶ ᠨᠢᠭᠡᠴᠡ ᠲᠠᠢ ᠨᠢᠭᠲᠠ ᠬᠠᠷᠢᠯᠴᠠᠨ᠂ ᠪᠥᠬᠦ ᠵᠢᠯ ᠤᠨ ᠣᠷᠣᠯᠭ᠎ᠠ ᠶᠢᠨ ᠵᠢᠱᠢᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠶᠢ ᠪᠠᠬᠢᠵᠢᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ