ᠴᠠᠭ ᠠᠭᠤᠷ ᠤᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 29 ᠤ ᠠᠴᠠ 30 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠴᠠᠰᠤ ᠪᠣᠷᠣᠭᠠᠨ ᠣᠷᠣᠵᠤ᠂ ᠶᠡᠭᠡ ᠰᠠᠯᠬᠢ ᠰᠠᠯᠬᠢᠯᠠᠨ᠂ ᠠᠭᠠᠷ ᠤᠨ ᠳᠤᠯᠠᠭᠠᠨ ᠳᠣᠷᠣᠭᠰᠢᠯᠠᠬᠤ ᠴᠠᠭ ᠠᠭᠤᠷ ᠢᠯᠡᠷᠡᠨ᠎ᠡ᠃ ᠵᠢᠱᠢᠯᠲᠡ ᠪᠠᠷ ᠲᠤᠨᠳᠠᠰᠤ ᠪᠠᠭᠤᠬᠤ ᠴᠠᠭ ᠨᠢ 30 ᠤ ᠡᠳᠦᠷ ᠲᠦᠪᠯᠡᠷᠡᠵᠦ᠂ ᠴᠠᠰᠤ ᠪᠣᠷᠣᠭᠠᠨ ᠬᠤᠯᠢᠯᠳᠤᠨ ᠣᠷᠣᠵᠤ᠂ ᠲᠤᠨᠳᠠᠰᠤ ᠶᠢᠨ ᠬᠡᠮᠵᠢᠶ᠎ᠡ 01 ~ 4.9 ᠮᠢᠯᠢᠮᠧᠲᠷ ᠲᠤ ᠬᠦᠷᠴᠦ᠂ ᠬᠡᠰᠡᠭ ᠭᠠᠵᠠᠷ ᠲᠤ ᠨᠡᠯᠢᠶᠡᠳ ᠶᠡᠭᠡ ᠣᠷᠣᠬᠤ ᠪᠣᠯᠣᠨ᠎ᠠ︔ ᠡᠨᠡ ᠬᠤᠭᠤᠴᠠᠭᠠᠨ ᠳᠤ ᠡᠯ᠎ᠡ ᠭᠠᠵᠠᠷ ᠲᠤ ᠪᠠᠷᠠᠭᠤᠨ ᠠᠴᠠ 6~7 ᠳᠡᠰ ᠤᠨ ᠰᠠᠯᠬᠢ ᠰᠠᠯᠬᠢᠯᠠᠵᠤ᠂ ᠠᠭᠠᠷ ᠤᠨ ᠳᠤᠯᠠᠭᠠᠨ 8 ~ 10 ᠭᠷᠠᠳᠦ᠋ᠰ ᠳᠣᠷᠣᠭᠰᠢᠯᠠᠨ᠎ᠠ᠃      ᠨᠥᠯᠥᠭᠡ ᠬᠢᠭᠡᠳ ᠰᠠᠨᠠᠭᠤᠯᠤᠮᠵᠢ᠄       ᠴᠠᠰᠤ ᠪᠣᠷᠣᠭᠠᠨ ᠣᠷᠣᠬᠤ ᠠᠴᠠ ᠪᠣᠯᠵᠤ᠂ ᠵᠠᠮ ᠳᠡᠭᠡᠷ᠎ᠡ ᠮᠦᠰᠦ ᠬᠦᠯᠳᠡᠬᠦ ᠪᠤᠶᠤ ᠴᠠᠰᠤ ᠬᠤᠷᠠᠵᠤ᠂ ᠬᠠᠯᠲᠤᠷᠢᠭ᠎ᠠ ᠲᠠᠢ ᠪᠣᠯᠵᠤ᠂ ᠵᠠᠮ ᠬᠠᠷᠢᠯᠴᠠᠭ᠎ᠠ ᠲᠡᠭᠡᠭᠡᠪᠦᠷᠢ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ︔ ᠰᠠᠯᠬᠢᠨ ᠤ ᠬᠦᠴᠦ ᠨᠡᠯᠢᠶᠡᠳ ᠶᠡᠭᠡ ᠪᠣᠯᠬᠤᠷ᠂ ᠲᠦᠷ ᠴᠠᠭ ᠤᠨ ᠪᠠᠷᠢᠯᠭ᠎ᠠ᠂ ᠪᠠᠷᠢᠯᠭ᠎ᠠ ᠶᠢᠨ ᠭᠠᠵᠠᠷ ᠤᠨ ᠫᠧᠩ ᠰᠠᠷᠠᠪᠴᠢ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢ ᠪᠠᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠠᠭᠠᠷ ᠤᠨ ᠳᠤᠯᠠᠭᠠᠨ ᠳᠣᠷᠣᠭᠰᠢᠯᠠᠬᠤ ᠠᠴᠠ ᠪᠣᠯᠵᠤ᠂ ᠢᠯᠴᠢ ᠬᠠᠩᠭᠠᠯᠭ᠎ᠠ᠂ ᠮᠠᠯᠵᠢᠬᠤ ᠦᠢᠯᠡᠳᠪᠦᠷᠢᠯᠡᠯ ᠵᠡᠷᠭᠡ ᠳᠤ ᠠᠰᠢᠭ ᠦᠭᠡᠢ ᠨᠦᠯᠦᠭᠡ ᠦᠵᠡᠭᠦᠯᠬᠦ ᠪᠣᠯᠬᠤᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠰᠡᠷᠭᠡᠶᠢᠯᠡᠯᠲᠡ ᠶᠢ ᠴᠢᠩᠭᠠᠳᠬᠠᠵᠤ᠂ ᠣᠯᠠᠨ ᠲᠦᠮᠡᠨ ᠶᠠᠪᠤᠵᠤ ᠰᠠᠭᠤᠬᠤ ᠳᠠᠭᠠᠨ ᠳᠤᠯᠠᠭᠠᠯᠠᠬᠤ ᠶᠢ ᠰᠠᠨᠠᠭᠤᠯᠵᠤ ᠪᠠᠶᠢᠨ᠎ᠠ᠃                      ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                             2025 ᠣᠨ ᠤ 4 ᠰᠠᠷ᠎ᠠ ᠶᠢᠨ 27 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ