4 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ 108 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠬᠢᠨᠠᠨ | ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ | ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ︽ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠶ᠋ᠴᠡᠳᠬᠡᠬᠦ ᠲᠣᠭᠲᠠᠭᠠᠯ︾ ᠢᠶᠠᠷ ᠬᠥᠲᠥᠯᠪᠦᠷᠢ | ᠪᠣᠯᠭᠠᠵᠤ᠂ ᠰᠡᠳᠬᠢᠬᠦᠶ ᠶᠢ ᠲᠠᠶᠢᠯᠬᠤ᠂ ᠰᠡᠳᠬᠢᠬᠦᠶ ᠶᠢ ᠰᠢᠯᠢᠳᠡᠭᠵᠢᠭᠦᠯᠬᠦ ᠶᠢ ᠴᠢᠩᠭᠠᠳᠬᠠᠵᠤ᠂ ᠠᠵᠢᠯ ᠬᠢᠵᠦ ᠠᠳᠠᠯ ᠦᠶ᠋ᠯᠡᠰ ᠴᠣᠭᠴᠠᠯᠠᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠶ᠃ ︽ᠰᠣᠶᠣᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ︾ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠲᠣᠰ ᠬᠤᠰᠢᠭᠤᠨ ᠤ ᠣᠨᠴᠠᠯᠢᠭᠲᠤ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠢ ᠪᠣᠶ ᠪᠣᠯᠭᠠᠬᠤ ᠬᠡᠷᠡᠭᠲᠡᠶ᠃ ︽ᠠᠷᠠᠳ ᠤᠨ ᠠᠮᠢᠳᠤᠷᠠᠯ ᠢ | ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠦᠷᠦ ᠶᠢᠨ ᠪᠤᠳᠤᠯᠭ᠎ᠠ ᠶᠢ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠭᠡᠬᠦ ᠪᠣᠳᠠᠲᠤ ᠶᠠᠪᠤᠳᠠᠯ ᠪᠣᠯᠭᠠᠨ | ᠬᠤᠪᠢᠷᠠᠭᠤᠯᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶᠠᠨ ᠤ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ᠂ ᠠᠵᠢᠯ ᠬᠢᠬᠦ | ᠦᠭᠡᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠵᠤ᠂ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ | ᠡᠭᠦᠷᠭᠡᠯᠡᠨ ᠠᠵᠢᠯ ᠬᠢᠬᠦ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠨᠠᠮ ᠤᠨ | ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠲᠤᠰᠬᠠᠶ ᠰᠡᠳᠦᠪ ᠢᠶᠠᠷ ᠬᠢᠨᠠᠨ ᠵᠥᠪᠯᠡᠵᠦ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠴᠢᠩᠭ᠎ᠠ ᠭᠦᠢᠴᠡᠳᠬᠡᠵᠦ᠂ ᠡᠯ᠎ᠡ ᠵᠦᠢᠯ ᠤᠨ ᠡᠭᠦᠷᠭᠡ ᠪᠠᠨ ᠯᠠᠪᠳᠠᠭᠤᠨ ᠪᠠᠲᠤᠲᠠᠶ ᠪᠦᠲᠦᠮᠵᠢᠲᠡᠶ ᠪᠡᠶᠡᠯᠡᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ | ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠬᠢᠨᠠᠨ ᠪᠤᠳᠤᠬᠤ ᠠᠵᠢᠯ ᠤᠨ ᠤᠯᠤᠰ ᠲᠥᠷᠥ ᠶᠢᠨ ᠰᠢᠨᠵᠢ ᠴᠢᠨᠠᠷ ᠢ ᠲᠠᠰᠤᠷᠠᠯᠲᠠ ᠥᠬᠡᠶ | ᠴᠢᠩᠭᠠᠳᠬᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠡᠩᠨᠡᠭᠡᠨ ᠤ ᠴᠢᠳᠠᠪᠤᠷᠢ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠬᠦ ᠴᠢᠨᠠᠷ ᠰᠠᠶᠢᠲᠠᠶ ᠬᠢᠨᠠᠨ ᠪᠤᠳᠤᠬᠤ ᠦᠷ᠎ᠡ ᠪᠦᠲᠦᠭᠡᠯ ᠢᠶᠠᠷ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠶᠢ ᠬᠠᠮᠢᠶᠠᠷᠤᠨ ᠡᠵᠡᠮᠳᠡᠬᠦ᠂ ᠨᠤᠲᠤᠭ ᠪᠡᠯᠴᠢᠭᠡᠷ ᠤᠨ ᠬᠤᠶᠠᠳᠠᠬᠢ ᠡᠭᠡᠯᠵᠢ ᠶᠢᠨ | ᠳᠠᠭᠠᠭᠠᠴᠢᠯᠠᠯᠲᠠ ᠶᠢ ᠤᠷᠲᠤᠳᠬᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠣᠶ ᠰᠢᠭᠤᠶ ᠨᠤᠲᠤᠭ | ᠪᠡᠯᠴᠢᠭᠡᠷ ᠢ ᠡᠪᠳᠡᠬᠦ ᠳᠤ ᠴᠣᠬᠢᠯᠲᠠ ᠥᠭᠬᠦ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠤᠳ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ | | | |