ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ | ᠲᠣᠰ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ | ᠵᠢᠯ ᠠᠴᠠ ᠨᠠᠭᠠᠰᠢ᠂ ᠮᠠᠨ ᠤ ᠤᠯᠤᠰ ᠤᠨ ︽ᠠᠵᠤ ᠠᠬᠤᠢ ᠰᠠᠶᠢᠵᠢᠷᠠᠬᠤ ᠬᠠᠨᠳᠤᠰᠢ ᠲᠠᠢ ᠪᠣᠯᠵᠤ᠂ ᠨᠡᠶᠢᠭᠡᠮ ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂ | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠢᠶᠠᠨ ᠪᠠᠲᠤᠯᠠᠵᠤ ᠪᠠᠶᠢᠨ᠎ᠠ︾ ᠭᠡᠰᠡᠨ ᠪᠥᠭᠡᠳ ᠠᠵᠤ | ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶᠢᠵᠤ᠂ ᠭᠠᠳᠠᠨᠠᠬᠢ | ᠳᠠᠭᠠᠷᠢᠯᠲᠠ ᠶᠢᠨ ᠨᠥᠯᠥᠭᠡ ᠨᠡᠮᠡᠭᠳᠡᠵᠦ ᠪᠠᠶᠢᠨ᠎ᠠ ᠭᠡᠵᠡᠢ᠃ | ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠦᠨ᠎ᠡ | ᠬᠤᠷᠸ᠎ᠠ ᠲᠦᠷᠦ ᠶᠢᠨ ᠪᠣᠳᠣᠯᠭ᠎ᠠ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠶᠢᠨ ᠴᠢᠬᠤᠯᠠ ᠲᠦᠯᠬᠢᠴᠡ ᠬᠦᠴᠦᠨ ᠪᠣᠯᠣᠨ᠎ᠠ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ | ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ ᠭᠡᠵᠡᠢ᠃ | ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠦᠨ᠎ᠡ | ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ᠃ ᠬᠤᠷᠠᠯᠳᠤᠭᠠᠨ ᠢᠶᠠᠷ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ | ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠨ᠎ᠡ | ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠤᠯᠤᠰ ᠤᠨ ᠳᠣᠲᠣᠭᠠᠳᠤ ᠶᠢᠨ | ᠪᠦᠲᠦᠮᠵᠢᠲᠡᠶ ᠬᠡᠷᠡᠭᠴᠡᠭᠡ ᠶᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠢᠶᠠᠷ ᠬᠡᠰᠡᠭ ᠠᠵᠤ ᠠᠬᠤᠶᠢᠯᠠᠯ ᠤᠨ ᠡᠵᠡᠩᠨᠡᠯᠲᠡ ᠨᠢ | ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ | ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠨ᠎ᠡ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠬᠤ ᠪᠣᠯ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ | ᠦᠭᠡᠢ ᠨᠠᠪᠲᠠᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠬᠤᠷᠠᠯᠳᠤᠭᠠᠨ ᠢᠶᠠᠷ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠵᠦ ᠠᠷᠢᠯᠭᠠᠨ᠎ᠠ | ᠬᠤᠷᠠᠯᠳᠤᠭᠠᠨ ᠢᠶᠠᠷ ᠳᠤᠷᠠᠳᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ᠂ | ᠴᠢᠨᠠᠷᠯᠢᠭ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ᠃ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠤᠨ᠎ᠠ | ᠲᠦᠭ ᠲᠦᠮᠡᠨ ᠡᠵᠡᠩᠨᠡᠯᠲᠡ ᠶᠢᠨ ᠭᠤᠣᠯ ᠴᠣᠭᠴᠠ ᠪᠣᠯ ᠠᠵᠢᠯ ᠣᠯᠭᠤᠯᠲᠠ ᠶᠢᠨ ᠭᠤᠣᠯ ᠵᠢᠭᠰᠠᠭᠠᠯ ᠤᠨ ᠭᠠᠵᠠᠷ ᠪᠣᠯᠣᠨ᠎ᠠ᠃ ᠣᠶᠢᠷ᠎ᠠ ᠶᠢᠨ | ᠬᠤᠭᠤᠴᠠᠭᠠᠨ ᠳᠤ ᠠᠮᠧᠷᠢᠺᠠ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠲᠣᠬᠢᠷᠠᠭᠤᠯᠤᠭᠰᠠᠨ ᠠᠴᠠ ᠪᠣᠯᠵᠤ ᠵᠠᠷᠢᠮ ᠠᠵᠤ ᠠᠬᠤᠶᠢᠯᠠᠯ ᠢ ᠥᠷᠢᠰᠦᠯᠳᠦᠭᠡᠨ ᠳᠤ | ᠤᠴᠠᠷᠠᠭᠤᠯᠵᠤ ᠪᠠᠶᠢᠨ᠎ᠠ᠃ ᠬᠤᠷᠠᠯᠳᠤᠭᠠᠨ ᠢᠶᠠᠷ ᠳᠤᠷᠠᠳᠬᠤ ᠳᠤ ᠪᠠᠨ᠂ ︽ᠪᠣᠭᠤᠮᠲᠠ ᠶᠢᠨ ᠭᠠᠶᠢᠯᠢ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶᠢᠯᠠᠯ ᠤᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠪᠤᠴᠠᠭᠠᠬᠤ ᠬᠠᠷᠢᠴᠠᠯ ᠢ ᠨᠢ ᠳᠡᠭᠡᠭᠰᠢᠯᠡᠭᠦᠯᠦᠨ᠎ᠡ︾ | ᠭᠡᠵᠡᠢ᠃ |