ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠦᠭᠦ ᠣᠷᠣᠨ ᠤ ᠲᠦᠷᠦᠭᠦᠦ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/4/27
  4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠲᠦᠷᠦᠭᠦᠦ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠴᠡᠷᠢᠭ ᠵᠠᠰᠠᠭ᠂ ᠴᠡᠷᠢᠭ ᠠᠷᠠᠳ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠲᠠᠯ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ ᠬᠢᠬᠦ ︽ᠬᠤᠣᠰ ᠨᠠᠷᠢᠨ ᠲᠠᠩᠰᠠ︾ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ ᠣᠯᠠᠨ ᠬᠠᠮᠵᠢᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠠᠯᠪᠠᠨ ᠴᠡᠷᠢᠭ ᠪᠣᠯᠣᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠨᠡᠩ ᠤᠯᠠᠨ ᠨᠠᠷᠢᠯᠢᠭ ᠤᠨᠤᠪᠴᠢᠲᠠᠢ ᠪᠣᠳᠠᠲᠠᠢ ᠶᠢ ᠡᠷᠬᠢᠮᠯᠡᠭᠰᠡᠨ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ᠂ ᠲᠡᠳᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠥᠬᠦᠴᠡᠯ ᠪᠦᠷᠢᠯᠳᠦᠭᠦᠯᠵᠦ᠂ ᠠᠷᠭ᠎ᠠ ᠶᠢᠨ ᠰᠢᠨ᠎ᠡ ᠶᠢ ᠡᠭᠦᠳᠴᠦ᠂ ᠨᠡᠩ ᠤᠯᠠᠨ ᠶᠠᠩᠵᠤ ᠭᠡᠯᠪᠡᠷᠢ ᠶᠢᠨ ᠤᠯᠠᠨ ᠲᠦᠮᠡᠨᠴᠢ ᠴᠢᠨᠠᠷᠲᠠᠢ ᠬᠤᠶᠠᠷ ᠢ ᠬᠦᠷᠢᠶᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠳᠠᠶᠠᠭᠠᠷ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠢ ᠬᠦᠨᠳᠦᠳᠬᠡᠨ ᠪᠢᠰᠢᠷᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠡᠨᠡ ᠵᠢᠯ ᠠᠴᠠ ᠨᠠᠭᠠᠰᠢ ᠪᠦᠭᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠡᠯ᠎ᠡ ᠱᠠᠲᠤᠨ ᠤ  ᠬᠢᠨ ᠢᠲᠡᠭᠡᠯ ᠵᠣᠷᠢᠭ ᠢᠶᠠᠨ ᠴᠢᠩᠭᠠᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠢᠳᠡᠪᠬᠢᠲᠡᠢ ᠪᠠᠶᠢᠳᠠᠯ ᠪᠣᠯᠣᠨ ᠠᠰᠢᠭᠲᠠᠢ ᠨᠥᠬᠦᠴᠡᠯ ᠢ ᠭᠦᠢᠴᠡᠳ ᠣᠯᠵᠤ ᠬᠠᠷᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠥᠷᠢᠰᠦᠯᠳᠦᠭᠡᠨ ᠢ ᠰᠡᠷᠭᠡᠭ ᠲᠠᠨᠢᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ ᠯᠠᠪᠳᠠᠭᠤᠨ ᠪᠠᠲᠤᠲᠠᠢ ᠠᠵᠢᠯᠯᠠᠵᠤ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠬᠥᠭᠵᠢᠯᠲᠡ ᠶᠢᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠱᠠᠯᠠᠪᠳᠠᠨ ᠠᠵᠢᠯᠯᠠᠵᠤ᠂ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯ ᠢ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠳᠠᠪᠠᠭᠤᠯᠢᠭ ᠢ ᠨᠡᠮᠡᠭᠳᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠬᠦᠴᠦᠯᠡᠨ ᠥᠷᠭᠡᠳᠬᠡᠵᠦ᠂ ᠨᠥᠭᠡᠴᠡ ᠡᠨᠧᠷᠭᠢ᠂ ᠨᠡᠪᠲᠡᠷᠡᠬᠦ ᠵᠠᠮ᠂ ᠠᠬᠤᠢ ᠲᠠᠯᠠᠪᠠᠶ ᠶᠢᠨ ᠬᠡᠷᠡᠭᠯᠡᠭᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠦᠭᠵᠢᠷᠡᠯ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠢᠶᠠᠨ ᠨᠠᠩ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃ ᠳᠤᠲᠠᠭᠤᠳᠠᠯ ᠢᠶᠠᠨ ᠨᠥᠬᠦᠪᠦᠷᠢᠯᠡᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ ᠣᠨᠣᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠦᠨ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠪᠠᠭᠤᠷᠠᠯᠲᠠ ᠶᠢ ᠪᠦᠲᠦᠮᠵᠢᠲᠡᠢ ᠠᠷᠭᠠᠴᠠᠭᠠᠵᠤ᠂ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠨ᠂ ᠮᠥᠩᠭᠦᠨ ᠭᠦᠢᠯᠭᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠲᠦᠷᠭᠡᠨ ᠲᠥᠯᠥᠪᠵᠢᠭᠦᠯᠦᠨ ᠠᠬᠢᠭᠤᠯᠵᠤ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠨᠣᠭᠤᠭᠠᠨ ᠤᠰᠤᠲᠥ᠋ᠷᠥᠭᠴᠢ ᠨᠣᠭᠤᠭᠠᠨ ᠰᠢᠪᠲᠦᠷ᠂ ᠪᠣᠳᠣᠯᠲᠠ ᠶᠢᠨ ᠴᠢᠳᠠᠪᠤᠷᠢ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠴᠤ ᠠᠰᠢᠭᠯᠠᠬᠤ ᠵᠡᠷᠭᠡ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠮᠠᠰᠢᠨ ᠲᠥᠬᠦᠭᠡᠷᠦᠮᠵᠢ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠭᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠬᠤᠷᠠᠯ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠡᠭᠦᠷᠭᠡ ᠬᠤᠪᠢᠶᠠᠵᠤ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠤᠨ ᠳᠤᠮᠳᠠ ᠪᠠᠨ ᠰᠡᠳᠬᠢᠮᠵᠢ ᠶᠢ ᠰᠦᠪᠡᠭᠴᠢᠯᠡᠵᠦ᠂ ᠵᠠᠬ᠎ᠠ ᠳᠡᠯᠭᠡᠭᠦᠷ ᠠᠴᠠ ᠠᠷᠭ᠎ᠠ ᠡᠷᠢᠵᠦ᠂ ᠶᠠᠮᠠᠷ ᠠᠰᠠᠭᠤᠳᠠᠯ ᠲᠣᠪᠣᠶᠢᠮ᠎ᠠ ᠪᠠᠶᠢᠪᠠᠯ ᠲᠡᠭᠦᠨ ᠢ ᠰᠠᠶᠢᠵᠢᠷᠠᠭᠤᠯᠵᠤ᠂ ᠶᠠᠮᠠᠷ ᠠᠷᠭ᠎ᠠ ᠲᠤᠰᠠᠲᠠᠢ ᠪᠠᠶᠢᠪᠠᠯ ᠲᠡᠭᠦᠨ ᠢ ᠬᠡᠷᠡᠭᠯᠡᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ᠂ ᠳ᠋ᠠᠶᠢᠲ᠋ᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ︾ ᠢ ᠬᠢᠨᠠᠨ ᠵᠥᠪᠯᠡᠪᠡ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ