ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ︽ᠡᠭᠦᠷᠢᠳᠡ ᠵᠣᠭᠰᠣᠰᠢ ᠦᠭᠡᠢ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ | ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠳᠤᠷᠢᠳᠬᠤ | ᠺᠠᠳ᠋ᠷᠴᠤᠳ ᠤᠨ ᠥᠪᠡᠷ ᠤᠨ ᠪᠡᠶ᠎ᠡ ᠪᠠᠷ ᠢᠶᠠᠨ ᠨᠠᠮ ᠤᠨ ᠲᠥᠯᠥᠭᠡ ᠵᠢᠳᠬᠦᠵᠦ᠂ ᠥᠷᠯᠥᠭᠡ ᠦᠳᠡᠰᠢ ᠶᠢ ᠲᠡᠮᠡᠴᠡᠨ ᠠᠯᠪᠠᠨ ᠤ ᠲᠥᠯᠥᠭᠡ ᠵᠢᠳᠬᠦᠬᠦ ᠰᠤᠷᠲᠠᠯ ᠢ ᠤᠯᠠᠮ | ᠨᠢᠭᠡ ᠠᠯᠬᠤᠮ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠪᠠᠷ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠤᠷᠢᠭᠲᠠᠢ ᠬᠠᠷᠢᠭᠤᠴᠠᠯᠭ᠎ᠠ | ᠡᠭᠦᠷᠭᠡᠯᠡᠬᠦ᠂ ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠣᠯᠭᠠᠬᠤ ᠬᠡᠷᠡᠭᠲᠡᠢ᠃ | ᠺᠠᠳ᠋ᠷᠴᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠯ ᠤᠯᠤᠰ ᠲᠦᠷᠦ ᠶᠢᠨ ᠬᠡᠪ ᠰᠤᠷᠲᠠᠯ ᠪᠣᠯᠬᠤ ᠮᠥᠷᠲᠡᠭᠡᠨ | ᠪᠠᠰᠠ ᠴᠤ ᠵᠠᠰᠠᠭ ᠶᠠᠪᠤᠭᠤᠯᠬᠤ ᠡᠭᠦᠷᠭᠡ ᠬᠠᠷᠢᠭᠤᠴᠠᠯᠭ᠎ᠠ ᠮᠥᠨ᠃ ᠭᠡᠲᠡᠯ᠎ᠡ ᠣᠳᠣᠬᠠᠨ ᠳᠤ ᠵᠠᠷᠢᠮ ᠺᠠᠳ᠋ᠷᠴᠤᠳ ᠤᠨ ᠬᠤᠪᠢᠰᠬᠠᠯᠲᠤ ᠵᠣᠷᠢᠭ ᠰᠠᠨᠠᠭ᠎ᠠ ᠰᠤᠯᠠᠷᠠᠨ᠂ | ᠣᠳᠣᠬᠢ ᠪᠠᠶᠢᠳᠠᠯ ᠳᠠᠭᠠᠨ ᠰᠡᠳᠬᠢᠯ ᠬᠠᠨᠤᠨ᠂ ᠠᠯᠪᠠ ᠬᠠᠰᠢᠵᠤ ᠠᠷᠭᠠᠯᠠᠨ ᠦᠡᠭᠭᠡᠷᠡᠭᠡᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠨ ᠴᠢᠷᠮᠠᠶᠢᠬᠤ ᠦᠭᠡᠢ | ᠪᠠᠶᠢᠬᠤ ᠨᠢ ᠣᠯᠠᠨ ᠲᠦᠮᠡᠨ ᠤ ᠳᠤᠷ᠎ᠠ ᠦᠭᠡᠶᠢᠴᠡᠯ ᠢ ᠶᠡᠬᠡᠳᠡ ᠬᠦᠷᠭᠡᠵᠦ ᠪᠠᠶᠢᠬᠤ ᠪᠠᠷ ᠪᠠᠷᠠᠬᠤ ᠦᠭᠡᠢ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠶᠢ ᠴᠦ | ᠬᠤᠬᠢᠷᠠᠭᠤᠯᠵᠤ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢᠨ | ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠴᠠ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ | ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠠᠵᠢᠯ ᠶᠠᠪᠤᠳᠠᠯ ᠬᠢᠬᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃ ᠺᠠᠳ᠋ᠷ ᠪᠤᠯᠤᠭᠰᠠᠳ | ᠡᠷᠬᠡᠪᠰᠢ ᠲᠦᠷᠦᠭᠦᠯᠡᠨ ᠬᠢᠬᠦ ᠬᠡᠷᠡᠭᠲᠡᠢ᠃ ᠬᠡᠰᠡᠭ ᠬᠤᠭᠤᠴᠠᠭᠠᠨ ᠤ ᠲᠤᠷᠰᠢ᠂ ︽ᠠᠵᠢᠯ ᠶᠠᠪᠤᠳᠠᠯ ᠬᠢᠬᠦ ᠦᠭᠡᠢ ᠠᠴᠠ ᠪᠢᠰᠢ᠂ ᠤᠴᠢᠷ ᠶᠠᠪᠤᠳᠠᠯ ᠭᠠᠷᠭᠠᠵᠤ ᠪᠣᠯᠬᠤ | ᠦᠭᠡᠢ︾᠂ ︽ᠬᠦᠴᠢᠷ ᠲᠤᠯᠭᠠᠷᠠᠪᠠᠯ ᠵᠠᠶᠢᠯᠠᠵᠤ᠂ ᠪᠡᠷᠬᠡ ᠰᠡᠳᠦᠪ ᠢ ᠳᠡᠭᠡᠭᠰᠢ ᠲᠤᠰᠢᠶᠠᠵᠤ︾᠂ ᠵᠠᠷᠢᠮ ᠺᠠᠳ᠋ᠷᠴᠤᠳ ᠤᠨ ᠪᠡᠶ᠎ᠡ ᠳᠡᠭᠡᠷ᠎ᠡ ᠬᠤᠶᠢᠷᠭᠤ ᠪᠠᠶᠢᠳᠠᠯ | ᠢᠯᠡᠷᠡᠵᠡᠢ᠃ ᠡᠶᠢᠮᠦᠷᠬᠦᠦ ᠨᠠᠵᠠᠭᠠᠶᠢᠷᠠᠬᠤ ᠪᠤᠳᠤᠯ ᠤᠨ ᠦᠨᠳᠦᠰᠦ ᠰᠤᠷᠪᠤᠯᠵᠢ ᠨᠢ ᠨᠠᠮᠴᠢ ᠴᠢᠨᠠᠷ ᠤᠨ ᠪᠣᠯᠪᠠᠰᠤᠷᠠᠯ ᠢᠶᠠᠷ ᠳᠤᠲᠠᠮᠠᠭ ᠪᠠᠶᠢᠬᠤ ᠳᠤ ᠣᠷᠣᠰᠢᠨ᠎ᠠ᠃ | ᠵᠥᠷᠢᠴᠡᠯ ᠲᠤᠯᠭᠠᠷᠠᠪᠠᠯ ᠠᠶᠤᠨ ᠪᠠᠯᠢᠳᠠᠵᠤ᠂ ᠲᠡᠮᠡᠴᠡᠯ ᠲᠤᠯᠭᠠᠷᠠᠪᠠᠯ ᠳᠠᠭᠵᠢᠨ ᠴᠡᠴᠡᠷᠡᠬᠦ ᠨᠢ ᠬᠡᠷᠬᠢᠨ ᠡᠪ ᠬᠠᠮᠲᠤᠴᠤᠳ ᠤᠨ ᠶᠠᠩᠵᠤ ᠪᠠᠶᠢᠵᠤ ᠪᠤᠯᠬᠤ ᠪᠤᠢ︕ | ᠺᠠᠳ᠋ᠷ ᠨᠢᠭᠡᠪᠦᠷᠢ ᠴᠥᠮ ᠤᠶᠤᠨ ᠰᠠᠨᠠᠭᠠᠨ ᠤ ᠭᠦᠨ ᠠᠴᠠ ᠪᠠᠨ ︽ᠪᠢ ᠬᠡᠨ ᠪᠤᠢ᠂ ᠬᠡᠨ ᠤ ᠲᠥᠯᠥᠭᠡ ᠪᠤᠢ᠂ ᠬᠡᠨ ᠢ ᠲᠦᠰᠢᠭᠯᠡᠬᠦ ᠪᠤᠢ︾ ᠭᠡᠬᠦ ᠦᠨᠳᠦᠰᠦᠨ | ᠠᠰᠠᠭᠤᠳᠠᠯ ᠢ ᠰᠠᠶᠢᠲᠤᠷ ᠪᠣᠳᠣᠯᠬᠢᠯᠠᠵᠤ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠬᠥᠳᠡᠯᠭᠡᠬᠦ | ᠬᠦᠴᠦᠨ ᠢᠶᠠᠨ ᠬᠥᠭᠵᠢᠭᠡᠬᠦ ᠬᠡᠷᠡᠭᠲᠡᠢ᠃ | ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠤᠯᠤᠰ ᠲᠦᠷᠦ ᠶᠢᠨ ᠬᠡᠪ ᠰᠤᠷᠲᠠᠯ ᠤᠨ ᠢᠯᠡᠷᠡᠯ ᠮᠥᠨ᠃ ᠬᠡᠷᠪᠡ ᠬᠠᠷᠢᠭᠤᠴᠠᠯᠭ᠎ᠠ ᠡᠭᠦᠷᠭᠡᠯᠡᠬᠦ | ᠳᠤᠷᠠᠲᠠᠢ ᠡᠰᠡᠬᠦ ᠳᠤ ᠵᠢᠭᠠᠬᠠᠨ ᠴᠢᠳᠠᠪᠤᠷᠢ ᠶᠢᠨ ᠬᠦᠴᠦᠨ ᠵᠦᠢᠯ ᠪᠠᠶᠢᠨ᠎ᠠ ᠭᠡᠵᠦ ᠬᠡᠯᠡᠬᠦ ᠳᠤ ᠬᠦᠷᠪᠡᠯ᠂ ᠬᠠᠷᠢᠭᠤᠴᠠᠯᠭ᠎ᠠ ᠡᠭᠦᠷᠭᠡᠯᠡᠬᠦ ᠵᠣᠷᠢᠭᠲᠠᠢ ᠡᠰᠡᠬᠦ ᠨᠢ ᠳᠠᠷᠤᠢ | ᠤᠯᠤᠰ ᠲᠥᠷᠥ ᠶᠢᠨ ᠬᠡᠪ ᠰᠤᠷᠲᠠᠯ ᠢ ᠵᠢᠭᠠᠵᠤ ᠪᠠᠶᠢᠨ᠎ᠠ᠃ ᠵᠣᠷᠢᠭᠲᠠᠢ ᠬᠠᠷᠢᠭᠤᠴᠠᠵᠤ᠂ ᠵᠣᠷᠢᠭᠲᠠᠢ ᠡᠭᠦᠷᠭᠡᠯᠡᠵᠦ ᠴᠢᠳᠠᠬᠤ ᠡᠰᠡᠬᠦ ᠠᠴᠠ ᠨᠢᠭᠡᠨ ᠺᠠᠳ᠋ᠷ ᠤᠨ ᠨᠠᠮᠴᠢ | ᠴᠢᠨᠠᠷ ᠪᠠ ᠰᠤᠷᠲᠠᠯ ᠢ ᠬᠠᠮᠤᠭ ᠠᠴᠠ ᠲᠤᠳᠤ ᠣᠯᠵᠤ ᠬᠠᠷᠠᠵᠤ ᠴᠢᠳᠠᠨ᠎ᠠ᠃ ᠡᠪ ᠬᠠᠮᠲᠤ ᠨᠠᠮ ᠤᠨ ᠺᠠᠳ᠋ᠷ ᠪᠣᠯ ᠳᠠᠷᠤᠢ ᠠᠷᠠᠳ ᠲᠦᠮᠡᠨ ᠤ ᠵᠣᠭᠰᠣᠯᠲᠠ ᠳᠤ ᠪᠠᠲᠤ | ᠵᠣᠭᠰᠣᠵᠤ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠠᠷ ᠵᠤᠷᠢᠯᠲᠠ ᠪᠠ ᠲᠤᠰᠤᠯᠲᠠ ᠪᠠᠨ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ | ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠶᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠪᠤᠳᠤᠯᠢᠶᠠᠨᠲᠠᠢ ᠠᠰᠠᠭᠤᠳᠠᠯ ᠢ ᠡᠵᠡᠮᠳᠡᠬᠦ ᠴᠢᠳᠠᠪᠤᠷᠢ ᠮᠥᠨ᠃ ᠭᠠᠳᠠᠭᠠᠳᠤ ᠶᠢᠨ ᠳᠠᠷᠤᠯᠲᠠ | ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠤᠳᠤᠷᠢᠳᠬᠤ ᠺᠠᠳ᠋ᠷᠴᠤᠳ | ᠡᠷᠬᠡᠪᠰᠢ ᠨᠡᠪᠲᠡ ᠠᠵᠢᠭᠯᠠᠬᠤ ᠴᠢᠳᠠᠪᠤᠷᠢ᠂ ᠤᠷᠢᠳᠴᠢᠯᠠᠨ ᠮᠡᠳᠡᠬᠦ ᠴᠢᠳᠠᠪᠤᠷᠢ᠂ ᠲᠠᠰᠤᠯᠤᠨ ᠲᠣᠭᠲᠠᠭᠠᠬᠤ ᠴᠢᠳᠠᠪᠤᠷᠢ᠂ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ | ᠦᠭᠡᠢ ᠴᠢᠩᠭᠠᠳᠬᠠᠵᠤ᠂ ᠠᠰᠠᠭᠤᠳᠠᠯ ᠳᠤ ᠰᠢᠭᠤᠳ ᠬᠠᠨᠳᠤᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠢᠳᠡᠪᠬᠢᠲᠡᠢ ᠠᠷᠭᠠᠴᠠᠭᠠᠬᠤ ᠮᠥᠷᠲᠡᠭᠡᠨ ᠪᠠᠰᠠ | ᠲᠠᠷᠢᠬᠢ ᠲᠣᠯᠣᠭᠠᠢ ᠰᠡᠷᠭᠡᠭ ᠪᠠᠶᠢᠵᠤ᠂ ᠪᠣᠳᠠᠲᠠᠢ ᠶᠢ ᠡᠷᠬᠢᠮᠯᠡᠨ ᠯᠠᠪᠳᠠᠭᠤᠨ ᠲᠣᠭᠲᠠᠭᠤᠨ ᠪᠠᠶᠢᠵᠤ᠂ ᠰᠢᠨᠵᠢᠯᠡᠬᠦ ᠤᠬᠠᠭᠠᠨᠴᠢ ᠪᠠᠷ ᠰᠶᠢᠳᠪᠦᠷᠢᠲᠦ ᠪᠣᠳᠣᠯᠭ᠎ᠠ | ᠲᠣᠭᠲᠠᠭᠠᠵᠤ᠂ ᠶᠠᠪᠤᠳᠠᠯ ᠪᠦᠬᠦᠨ ᠢ ᠡᠷᠬᠡᠪᠰᠢ ᠰᠠᠶᠢᠳᠤᠷ ᠡᠬᠢᠯᠡᠭᠦᠯᠵᠦ ᠰᠠᠶᠢᠳᠤᠷ ᠲᠡᠭᠦᠰᠬᠡᠵᠦ᠂ ᠰᠠᠶᠢᠳᠤᠷ ᠬᠢᠵᠦ ᠰᠠᠶᠢᠳᠤᠷ ᠪᠦᠲᠦᠭᠡᠬᠦ ᠬᠡᠷᠡᠭᠲᠡᠢ᠃ | ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠵᠤᠷᠢᠭᠲᠠᠢ ᠬᠠᠷᠢᠭᠤᠴᠠᠯᠭ᠎ᠠ ᠡᠭᠦᠷᠭᠡᠯᠡᠬᠦ ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠣᠯᠭᠠᠬᠤ ᠳᠤ᠂ | ᠺᠠᠳ᠋ᠷ ᠤᠨ ᠳᠣᠲᠣᠭᠠᠳᠤ ᠰᠢᠯᠲᠠᠭᠠᠨ ᠢᠶᠠᠷ ᠬᠥᠳᠡᠯᠭᠡᠭᠦᠷ ᠪᠣᠯᠭᠠᠬᠤ ᠳᠤ ᠲᠦᠰᠢᠭᠯᠡᠬᠦ ᠪᠠᠷ ᠪᠠᠷᠠᠬᠤ ᠦᠭᠡᠢ ᠪᠠᠰᠠ ᠭᠠᠳᠠᠭᠠᠳᠤ ᠰᠢᠯᠲᠠᠭᠠᠨ ᠤ ᠠᠬᠢᠭᠤᠯᠬᠤ ᠦᠢᠯᠡᠳᠦᠯ ᠢ | ᠴᠦ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠺᠠᠳ᠋ᠷ ᠢ ᠬᠢᠨᠠᠨ ᠰᠢᠯᠭᠠᠬᠤ ᠪᠠ ᠳᠡᠪᠰᠢᠭᠦᠯᠦᠨ ᠬᠡᠷᠡᠭᠯᠡᠬᠦ | ᠶᠠᠪᠤᠴᠠ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠡᠵᠡᠯᠡᠴᠡ ᠶᠢ ᠨᠡᠮᠡᠭᠳᠡᠭᠦᠯᠵᠦ᠂ ᠥᠭᠡᠷᠡᠴᠢᠯᠡᠯᠲᠡ ᠶᠢᠨ ᠠᠯᠳᠠᠭ᠎ᠠ ᠪᠤᠷᠤᠭᠤ ᠶᠢ ᠪᠠᠭᠲᠠᠭᠠᠬᠤ ᠪᠠ | ᠵᠠᠯᠠᠷᠠᠭᠤᠯᠬᠤ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠤ᠂ ᠢᠯᠡ ᠲᠣᠳᠣ ᠪᠠᠷ ︽ᠳᠡᠪᠰᠢᠭᠦᠯᠬᠦ︾᠂ ᠡᠷᠡᠰ ᠰᠢᠭᠤᠷᠬᠠᠢ ᠪᠠᠷ ︽ᠪᠠᠭᠤᠯᠭᠠᠬᠤ︾᠂ ᠵᠣᠷᠢᠭᠲᠠᠢ ᠪᠠᠷ | ︽ᠪᠠᠭᠲᠠᠭᠠᠬᠤ︾ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ | | |