ᠲᠦᠷᠡᠯᠵᠡᠭᠰᠡᠨ ᠭᠠᠯ ᠳᠤ ᠬᠠᠳᠠᠨ ᠵᠤᠷᠢᠭ ᠢᠶᠠᠨ ᠲᠠᠪᠳᠠᠨᠠᠮ — ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠤᠯᠤᠳ ᠳᠠᠮᠤᠷ ᠤᠨ ᠬᠤᠯᠪᠤᠭ᠎ᠠ ᠶᠢᠨ ᠪᠤᠯᠤᠳ ᠪᠤᠯᠪᠠᠰᠤᠷᠠᠭᠤᠯᠬᠤ ᠦᠢᠯᠡᠳᠪᠦᠷᠢ ᠶᠢᠨ ᠲᠡᠷᠢᠭᠦᠨ ᠮᠡᠷᠭᠡᠵᠢᠯᠲᠡᠨ ᠰᠦᠨ ᠴᠧᠩ ᠪᠢ ᠶᠢ ᠳᠡᠮᠳᠡᠭᠯᠡᠪᠡ
ᠨᠡᠶᠢᠲᠡᠯᠡᠭᠰᠡᠨ ᠴᠠᠭ᠄
2025/4/28
      4 ᠰᠠᠷ᠎ᠠ ᠶᠢᠨ 23 ᠤ ᠦᠦᠷ ᠤᠨ ᠬᠤᠶᠠᠷ ᠴᠠᠭ ᠲᠤ᠂ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠪᠤᠯᠤᠳ ᠳᠠᠮᠤᠷ ᠤᠨ ᠬᠤᠯᠪᠤᠭ᠎ᠠ ᠶᠢᠨ ᠪᠤᠯᠤᠳ ᠪᠣᠯᠪᠠᠰᠤᠷᠠᠭᠤᠯᠬᠤ ᠦᠢᠯᠡᠳᠪᠦᠷᠢ ᠶᠢᠨ ᠪᠤᠯᠤᠳ ᠪᠣᠯᠪᠠᠰᠤᠷᠠᠭᠤᠯᠬᠤ ᠭᠤᠷᠪᠠᠳᠤᠭᠠᠷ ᠬᠡᠯᠲᠡᠰ ᠤᠨ 8 ᠨᠣᠮᠧᠷᠲᠤ ᠡᠷᠭᠢᠯᠳᠦᠭᠡ ᠵᠤᠤᠬ᠎ᠠ ᠶᠢᠨ ᠡᠮᠦᠨ᠎ᠡ᠂ 1600 ᠭᠠᠷᠤᠢ ᠼᠧᠯᠰ ᠭᠷᠠᠳᠦ᠋ᠰ ᠤᠨ ᠪᠤᠯᠤᠳ ᠤᠨ ᠰᠢᠩᠭᠡᠨ ᠵᠤᠤᠬᠠᠨ ᠳᠤᠳᠤᠷ᠎ᠡ ᠪᠤᠷᠬᠢᠯᠵᠤ᠂ ᠰᠦᠨ ᠴᠧᠩ ᠪᠢ ᠶᠢᠨ ᠬᠥᠯᠥᠰᠥ ᠤᠷᠤᠰᠤᠭᠰᠠᠨ ᠴᠢᠷᠠᠢ ᠶᠢ ᠤᠯᠠᠶᠢᠯᠭᠠᠨ᠎ᠠ᠃ ᠲᠡᠷᠡ ᠬᠠᠯᠠᠭᠠᠨ ᠤ ᠬᠡᠮᠵᠢᠬᠦᠷᠯᠢᠭ ᠪᠠᠷᠢᠵᠤ᠂ ᠵᠤᠤᠬᠠᠨ ᠠᠴᠠ ᠦᠰᠦᠷᠴᠦ ᠪᠠᠶᠢᠭ᠎ᠠ ᠭᠠᠯ ᠢ ᠰᠢᠷᠲᠡᠵᠦ᠂ ᠭᠡᠨᠡᠳᠲᠡ ᠡᠷᠡᠰ ᠰᠢᠭᠤᠷᠬᠠᠢ ᠪᠠᠷ᠄ ︽ᠬᠦᠴᠢᠯᠲᠥ᠋ᠷᠥᠭᠴᠢ ᠤᠷᠤᠭᠤᠯᠬᠤ ᠪᠠᠨ ᠵᠣᠭᠰᠣᠭᠳᠤᠨ︕ ᠪᠣᠯᠣᠳ ᠢ ᠠᠪᠴᠤ ᠭᠠᠷᠭ᠎ᠠ︕︾ ᠭᠡᠰᠡᠨ ᠵᠠᠷᠯᠢᠭ ᠪᠠᠭᠤᠯᠭᠠᠪᠠ᠂ ᠡᠨᠡ ᠬᠦ ᠴᠠᠭ ᠮᠥᠴᠡ ᠳᠤ᠂ ᠡᠷᠭᠢᠯᠳᠦᠭᠡ ᠵᠤᠤᠬ᠎ᠠ ᠶᠢᠨ ᠡᠴᠦᠰ ᠤᠨ ᠴᠡᠭ ᠤᠨ ᠨᠡᠭᠦᠷᠡᠰᠦᠲᠥ᠋ᠷᠥᠭᠴᠢ ᠶᠢᠨ ᠠᠭᠤᠯᠤᠭᠳᠡᠴᠡ ᠶᠢ 0.12% ᠢᠶᠠᠷ ᠣᠨᠣᠪᠴᠢᠲᠠᠶ ᠲᠣᠭᠲᠠᠭᠠᠵᠤ᠂ ᠮᠡᠰᠡ ᠵᠠᠰᠠᠯ ᠬᠢᠬᠦ ᠮᠡᠳᠦ ᠪᠠᠷ ᠣᠨᠣᠪᠴᠢᠲᠠᠶ ᠠᠵᠢᠯᠯᠠᠵᠤ᠂ ᠲᠡᠮᠦᠷ ᠵᠠᠮ ᠤᠨ ᠪᠤᠯᠤᠳ ᠮᠠᠲ᠋ᠧᠷᠢᠶᠠᠯ ᠢ ᠪᠠᠷᠢᠮᠵᠢᠶ᠎ᠠ ᠶᠤᠰᠤᠭᠠᠷ ᠰᠠᠶᠢᠳᠤᠷ ᠦᠢᠯᠡᠳᠪᠦᠷᠢᠯᠡᠳᠡᠭ᠃      ᠡᠶᠢᠮᠦᠷᠬᠦᠦ ᠪᠠᠶᠢᠳᠠᠯ ᠳᠤᠤᠷ᠎ᠠ᠂ ᠰᠦᠨ ᠴᠧᠩ ᠪᠢ 27 ᠵᠢᠯ ᠠᠵᠢᠯᠯᠠᠵᠤ᠂ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠢᠶᠠᠨ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠲᠡᠮᠡᠴᠡᠯ ᠤᠨ ᠮᠠᠭᠲᠠᠭᠠᠯ ᠳᠠᠭᠤᠤ ᠶᠢ ᠪᠢᠴᠢᠭᠯᠡᠵᠡᠢ᠃      1998 ᠣᠨ ᠤ ᠡᠪᠦᠯ ᠣᠨᠴᠠᠭᠠᠢ ᠬᠦᠢᠲᠡᠨ ᠪᠠᠶᠢᠯ᠎ᠠ᠃ 18 ᠨᠠᠰᠤᠲᠠᠶ ᠰᠦᠨ ᠴᠧᠩ ᠪᠢ ᠭᠠᠯ ᠰᠡᠷᠭᠡᠶᠢᠯᠡᠬᠦ ᠬᠤᠪᠴᠠᠰᠤ ᠡᠮᠦᠰᠴᠦ᠂ ᠡᠷᠭᠢᠯᠳᠦᠭᠡ ᠵᠤᠤᠬ᠎ᠠ ᠠᠴᠠ ᠰᠦᠷᠴᠢᠬᠦ ᠭᠠᠯ ᠤᠨ ᠤᠴᠢ ᠶᠢᠨ ᠡᠮᠦᠨ᠎ᠠ ᠠᠵᠢᠯᠯᠠᠵᠤ ᠡᠬᠢᠯᠡᠪᠡ᠃ ᠲᠡᠷᠡ ᠦᠶ᠎ᠡ ᠳᠤ᠂ ᠬᠥᠮᠦᠨ ᠤ ᠬᠦᠴᠦ ᠪᠠᠷ ᠰᠢᠭᠠᠷᠤ ᠴᠡᠪᠡᠷᠯᠡᠬᠦ ᠪᠣᠯ ᠬᠠᠮᠤᠭ ᠤᠨ ᠬᠦᠴᠢᠷ ᠠᠵᠢᠯ ᠪᠣᠯᠤᠨ᠎ᠠ᠂ ᠠᠵᠢᠯᠴᠢᠨ ᠠᠷᠪᠠᠨ ᠬᠡᠳᠦᠨ ᠵᠢᠩ ᠤᠨ ᠪᠤᠯᠤᠳ ᠴᠠᠷᠢᠯ ᠢᠶᠠᠷ ᠴᠠᠷᠴᠠᠭᠰᠠᠨ ᠵᠤᠤᠬᠠᠨ ᠤ ᠰᠢᠭᠠᠷᠤ ᠶᠢ ᠤᠳᠬᠤᠬᠤ ᠳᠤ᠂ ᠬᠠᠪ ᠬᠠᠯᠠᠭᠤᠨ ᠲᠣᠭᠤᠰᠣ ᠰᠢᠷᠣᠢ ᠨᠢᠭᠤᠷ ᠤᠷᠤᠭᠤ ᠳᠡᠭᠳᠡᠨ ᠢᠷᠡᠭᠡᠳ᠂ ᠠᠵᠢᠯ ᠤᠨ ᠬᠤᠪᠴᠠᠰᠤ ᠳᠡᠭᠡᠷ᠎ᠡ ᠨᠢ ᠳᠠᠪᠤᠰᠤᠨ ᠬᠢᠷᠠᠭᠤ ᠰᠠᠭᠤᠯᠭᠠᠳᠠᠭ᠃ ︽ᠲᠤᠬᠠᠢ ᠶᠢᠨ ᠦᠶ᠎ᠡ ᠶᠢᠨ ᠠᠵᠢᠯ ᠤᠨ ᠣᠷᠴᠢᠨ ᠶᠠᠭ ᠬᠠᠯᠠᠭᠤᠨ ᠲᠤᠭᠤᠭ᠎ᠠ ᠰᠢᠭ᠂ ᠨᠡᠩ ᠴᠤ ᠲᠠᠶᠢᠨ ᠤ ᠲᠠᠯᠠᠪᠤᠷ ᠮᠡᠳᠤ ᠪᠠᠶᠢᠵᠠᠢ︾ ᠭᠡᠵᠤ ᠰᠦᠨ ᠴᠧᠩ ᠪᠢ ᠡᠷᠭᠢᠴᠡᠭᠦᠯᠦᠨ ᠬᠡᠯᠡᠪᠡ᠃ ᠭᠡᠪᠡᠴᠦ ᠲᠡᠷᠡ ᠡᠶᠢᠮᠦᠷᠬᠦᠦ ᠣᠷᠴᠢᠨ ᠳᠤ ︽ᠭᠢᠷᠠᠬᠠᠶ ᠨᠢᠳᠦ︾ ᠲᠠᠢ ᠪᠤᠯᠵᠤ᠂ ᠵᠤᠤᠬᠠᠨ ᠠᠮᠠᠰᠠᠷ ᠤᠨ ᠭᠠᠯ ᠤᠨ ᠦᠩᠭᠡ ᠶᠢᠨ ᠬᠤᠪᠢᠷᠠᠯᠲᠠ ᠠᠴᠠ ᠵᠤᠤᠬᠠᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠮᠠᠭᠠᠳᠯᠠᠵᠤ ᠴᠢᠳᠠᠨ᠎ᠠ᠂ ᠵᠥᠷᠢᠶ᠎ᠡ ᠨᠢ 5 ᠼᠧᠯᠰ ᠤᠨ ᠭᠷᠠᠳᠦ᠋ᠰ ᠠᠴᠠ ᠬᠡᠲᠦᠷᠡᠬᠦ ᠦᠭᠡᠢ ᠪᠠᠶᠢᠵᠠᠢ᠃      2008 ᠣᠨ ᠤ ︽ᠦ᠋ ᠭᠠᠩ ᠬᠤᠨᠳᠠᠭᠠᠲᠤ︾ ᠪᠦᠬᠦ ᠤᠯᠤᠰ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠪᠡᠯᠡᠳᠭᠡᠵᠦ ᠪᠠᠶᠢᠭᠰᠠᠨ ᠬᠤᠭᠤᠴᠠᠭᠠᠨ ᠳᠤ ᠲᠡᠷᠡ ︽ᠭᠤᠷᠪᠠᠨ ᠦᠩᠬᠡ ᠶᠢᠨ ᠲᠡᠮᠳᠡᠭᠯᠡᠬᠦ ᠠᠷᠭ᠎ᠠ︾ ᠶᠢ ᠡᠭᠦᠳᠪᠡ᠄ ᠬᠠᠷ᠎ᠠ ᠦᠩᠬᠡ ᠪᠠᠷ ᠠᠵᠢᠯ ᠤᠨ ᠭᠤᠤᠯᠳᠠᠯᠭ᠎ᠠ ᠶᠢ ᠳᠡᠮᠳᠡᠭᠯᠡᠵᠤ᠂ ᠤᠯᠠᠭᠠᠨ ᠦᠩᠬᠡ ᠪᠠᠷ ᠠᠮᠠᠷᠬᠠᠨ ᠪᠤᠷᠤᠭᠤᠳᠠᠬᠤ ᠭᠤᠭᠴᠤᠭ᠎ᠠ ᠶᠢ ᠲᠣᠳᠣᠷᠬᠠᠶᠢᠯᠠᠵᠤ᠂ ᠬᠦᠬᠡ ᠦᠩᠬᠡ ᠪᠠᠷ ᠰᠠᠶᠢᠵᠢᠷᠠᠭᠤᠯᠬᠤ ᠲᠥᠰᠦᠯ ᠢ ᠲᠡᠮᠳᠡᠭᠯᠡᠨ᠎ᠠ᠃ ᠭᠤᠷᠪᠠᠨ ᠰᠠᠷ᠎ᠠ ᠶᠢᠨ ᠳᠣᠲᠣᠷ᠎ᠠ᠂ ᠲᠡᠷᠡ ᠨᠡᠶᠢᠲᠡ 20 ᠲᠦᠮᠡᠨ ᠦᠰᠦᠭ ᠲᠠᠢ ᠰᠤᠷᠤᠯᠴᠠᠯᠭ᠎ᠠ ᠶᠢᠨ ᠲᠡᠮᠳᠡᠭᠯᠡᠯ ᠢ 8 ᠳᠡᠪᠲᠡᠷ ᠡᠮᠬᠢᠳᠭᠡᠵᠦ᠂ ᠡᠴᠦᠰ ᠲᠡᠭᠡᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠵᠠᠢ᠃ ᠡᠨᠡ ᠬᠦ ᠪᠠᠷᠢᠮᠲᠠᠯᠠᠯ ᠨᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠲᠡᠭᠦᠨ ᠢ ᠤᠷᠢᠳ ᠬᠤᠵᠢᠳ ᠳᠡᠭᠡᠳᠦ ᠮᠡᠷᠭᠡᠵᠢᠯᠳᠡᠨ ᠂ ᠲᠡᠷᠢᠭᠦᠨ ᠮᠡᠷᠭᠡᠵᠢᠯᠳᠡᠨ ᠪᠤᠯᠭᠠᠵᠤ᠂ ︽ᠪᠤᠯᠤᠳ ᠲᠡᠮᠦᠷ ᠤᠨ ᠠᠵᠢᠯᠴᠢᠨ︾ ᠠᠴᠠ ︽ᠪᠤᠯᠤᠳ ᠲᠡᠮᠦᠷ ᠤᠨ ᠤᠷᠠᠯᠢᠭᠴᠢᠨ︾ ᠪᠤᠯᠭᠠᠪᠠ᠃      2023 ᠣᠨ ᠤ ᠬᠠᠪᠤᠷ᠂ ᠲᠡᠮᠦᠷ ᠵᠠᠮ ᠤᠨ ᠪᠤᠯᠤᠳ ᠤᠨ ᠹᠣᠰᠹᠣᠷ ᠤᠨ ᠠᠭᠤᠯᠤᠭᠳᠠᠴᠠ ᠶᠢᠨ ᠬᠡᠯᠪᠡᠯᠵᠡᠯ ᠤᠨ ᠬᠦᠴᠢᠷ ᠠᠰᠠᠭᠤᠳᠠᠯ ᠪᠦᠬᠦᠶᠢᠯᠡ ᠦᠢᠯᠡᠳᠪᠦᠷᠢ ᠶᠢᠨ ᠲᠠᠰᠤᠭ ᠢ ᠭᠠᠴᠢᠭᠳᠠᠭᠤᠯᠪᠠ᠃ ᠰᠦᠨ ᠴᠧᠩ ᠪᠢ ᠪᠦᠯᠬᠦᠮ ᠢᠶᠠᠨ ᠳᠠᠭᠠᠭᠤᠯᠤᠨ ᠡᠷᠭᠢᠯᠳᠦᠭᠡ ᠵᠤᠤᠬ᠎ᠠ ᠶᠢᠨ ᠡᠮᠦᠨ᠎ᠡ 72 ᠴᠠᠭ ᠰᠠᠬᠢᠵᠤ᠂ 300 ᠭᠠᠷᠤᠢ ᠪᠦᠯᠦᠭ ᠳ᠋ᠠᠶᠢᠲ᠋ᠠ ᠶᠢ ᠲᠡᠮᠳᠡᠭᠯᠡᠪᠡ᠃ ᠰᠥᠨᠢ ᠳᠦᠯᠢ ᠪᠠᠷ ᠬᠤᠷᠠᠯ ᠤᠨ ᠭᠡᠷ ᠲᠤ᠂ ᠲᠡᠷᠡ ᠭᠡᠨᠡᠳᠲᠡ ᠣ᠊ ᠶᠢᠨ ᠪᠢᠷ ᠪᠠᠷᠢᠵᠤ ᠰᠠᠮᠪᠠᠷ᠎ᠠ ᠳᠡᠭᠡᠷ᠎ᠡ CO ᠥᠳᠭᠡᠴᠡ ᠶᠢᠨ ᠮᠤᠷᠤᠶ ᠱᠤᠭᠤᠮ ᠵᠢᠷᠤᠵᠤ᠄ ︽ᠬᠠᠷᠠᠭᠠᠴᠢ᠂ ᠰᠢᠭᠠᠷᠤ ᠶᠢᠨ ᠤᠷᠪᠠᠯ ᠤᠨ ᠵᠠᠩᠭᠢᠯᠠᠭ᠎ᠠ ᠨᠢ ᠠᠳᠡ ᠪᠤᠢ︕︾ ᠭᠡᠪᠡ᠂ ︽CO ᠥᠳᠭᠡᠴᠡ ᠶᠢᠨ ᠮᠤᠷᠤᠶ ᠱᠤᠭᠤᠮ ᠢ ᠠᠰᠢᠭᠯᠠᠨ ᠡᠷᠭᠢᠯᠳᠦᠭᠡ ᠵᠤᠤᠬ᠎ᠠ ᠶᠢᠨ ᠰᠢᠭᠠᠷᠤ ᠦᠢᠯᠡᠳᠬᠦ ᠶᠢ ᠬᠢᠨᠠᠨ ᠡᠵᠡᠮᠳᠡᠬᠦ ᠠᠷᠭ᠎ᠠ︾ ᠮᠡᠨᠳᠦᠯᠡᠭᠰᠡᠨ ᠨᠢ ᠵᠢᠯ ᠪᠦᠷᠢ ᠠᠵᠤ ᠠᠬᠤᠶᠢᠯᠠᠯ ᠳᠤ 2280 ᠲᠦᠮᠡᠨ ᠲᠥᠭᠦᠷᠢᠭ ᠠᠷᠪᠢᠯᠠᠵᠤ ᠥᠭᠴᠦ ᠪᠠᠶᠢᠨ᠎ᠠ᠃ ᠲᠣᠰ ᠦᠷ᠎ᠡ ᠪᠦᠲᠦᠭᠡᠯ ᠨᠢ ᠪᠥᠬᠦ ᠤᠯᠤᠰ ᠤᠨ ᠪᠣᠯᠣᠳ ᠲᠡᠮᠦᠷ ᠤᠨ ᠠᠵᠢᠯ ᠲᠥᠷᠥᠯ ᠤᠨ ᠶᠠᠰᠤ ᠴᠢᠨᠠᠷ ᠤᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠵᠡᠷᠭᠡ ᠢᠷᠠᠭᠤ ᠠᠯᠳᠠᠷ ᠢ ᠵᠠᠯᠭᠠᠭ᠎ᠠ ᠪᠠᠷ ᠭᠥᠷᠳᠡᠵᠦ᠂ ᠠᠵᠢᠯ ᠨᠢᠭᠡᠲᠡᠨ ᠨᠢ᠄ ︽ᠡᠨᠡ ᠪᠣᠯ ᠪᠣᠯᠣᠳ ᠪᠣᠯᠪᠠᠰᠤᠷᠠᠭᠤᠯᠬᠤ ᠶᠢ ᠨᠠᠷᠢᠯᠢᠭ ᠲᠤᠷᠰᠢᠯᠲᠠ ᠪᠣᠯᠭᠠᠨ ᠬᠤᠪᠢᠷᠠᠭᠤᠯᠵᠤ ᠪᠠᠶᠢᠭ᠎ᠠ ᠶᠠᠪᠤᠳᠠᠯ ᠮᠥᠨ︾ ᠭᠡᠵᠦ ᠭᠠᠶᠢᠬᠠᠰᠢ ᠠᠯᠳᠠᠪᠠ᠃      ︽ᠡᠨᠧᠷᠭᠢ ᠶᠢᠨ ᠬᠤᠷᠣᠭᠳᠠᠯ ᠪᠠᠭ᠎ᠠ ᠲᠡᠮᠦᠷᠯᠢᠭ ᠬᠠᠶᠢᠯᠤᠭᠤᠯᠬᠤ ᠠᠷᠭ᠎ᠠ︾ ᠶᠢᠨ ᠪᠣᠭᠤᠮᠲᠠ ᠰᠢᠪᠲᠤᠯᠬᠤ ᠶᠠᠪᠤᠴᠠ ᠳᠤ᠂ ᠲᠡᠷᠡ ᠲᠣᠭᠠᠨ ᠤ ᠤᠬᠠᠭᠠᠨᠲᠠᠨ ᠰᠢᠭ ︽ᠲᠡᠮᠦᠷᠯᠢᠭ ᠪᠣᠯᠪᠠᠰᠤᠷᠠᠭᠤᠯᠬᠤ ᠴᠠᠭ᠂ ᠡᠨᠧᠷᠭᠢ ᠶᠢᠨ ᠬᠤᠷᠣᠭᠳᠠᠯ︾ ᠤᠨ ᠹᠦᠩᠺᠼ ᠤᠨ ᠵᠠᠭᠪᠤᠷ ᠢ ᠪᠠᠶᠢᠭᠤᠯᠪᠠ᠃ ᠬᠦᠴᠢᠯᠲᠥ᠋ᠷᠥᠭᠴᠢ ᠬᠠᠩᠭᠠᠬᠤ ᠬᠦᠴᠦᠯᠡᠴᠡ ᠶᠢ ᠲᠣᠬᠢᠷᠠᠭᠤᠯᠬᠤ᠂ ᠵᠤᠤᠬ᠎ᠠ ᠶᠢᠨ ᠮᠠᠲ᠋ᠧᠷᠢᠶᠠᠯ ᠤᠨ ᠬᠠᠷᠢᠴᠠᠯ ᠢ ᠰᠢᠯᠢᠳᠡᠭᠵᠢᠭᠦᠯᠬᠦ ᠪᠠᠷ ᠳᠠᠮᠵᠢᠨ᠂ 150 ᠲᠣᠨ ᠤ ᠡᠷᠭᠢᠯᠳᠦᠭᠡ ᠵᠤᠤᠬ᠎ᠠ ᠶᠢᠨ ᠲᠡᠮᠦᠷᠯᠢᠭ ᠪᠣᠯᠪᠠᠰᠤᠷᠠᠭᠤᠯᠬᠤ ᠴᠠᠭ ᠢ 37 ᠮᠢᠨᠦ᠋ᠲ 47 ᠰᠧᠺᠦ᠋ᠨ᠋ᠳ᠋ ᠪᠣᠯᠭᠠᠨ ᠪᠣᠭᠤᠨᠢᠰᠬᠠᠵᠤ᠂ ᠡᠨᠡ ᠨᠢ ᠡᠳᠦᠷ ᠪᠦᠷᠢ ᠢᠯᠡᠭᠦᠦ ᠨᠢᠭᠡ ᠵᠤᠤᠬ᠎ᠠ ᠪᠣᠯᠣᠳ ᠪᠣᠯᠪᠠᠰᠤᠷᠠᠭᠤᠯᠤᠭᠰᠠᠨ ᠲᠠᠢ ᠲᠡᠩᠴᠡᠨ᠎ᠡ᠃ ᠠᠵᠢᠯᠴᠢᠨ ᠨᠠᠶᠢᠵᠠ ᠨᠠᠷ ᠨᠢ ᠲᠡᠭᠦᠨ ᠢ ︽ᠠᠮᠢᠳᠤ ᠤᠷ᠎ᠠ ᠮᠡᠷᠭᠡᠵᠢᠯ ᠤᠨ ᠭᠠᠷ ᠳᠡᠪᠲᠡᠷ︾ ᠭᠡᠵᠦ ᠬᠡᠯᠡᠬᠦ ᠳᠤ᠂ ᠲᠡᠷᠡ ᠬᠠᠷᠢᠨ᠄ ︽ᠪᠢ ᠵᠥᠪᠬᠡᠨ ᠪᠣᠯᠵᠣᠯᠲᠤ ᠲᠤᠭ᠎ᠠ ᠨᠢᠭᠡᠪᠦᠷᠢ ᠶᠢ ᠨᠣᠲ ᠪᠣᠯᠭᠠᠵᠤ᠂ ᠪᠤᠯᠤᠳ ᠲᠡᠮᠦᠷ ᠤᠨ ᠨᠠᠶᠢᠷᠠᠯ ᠬᠥᠭᠵᠢᠮ ᠠᠴᠠ ᠬᠠᠮᠤᠭ ᠤᠨ ᠭᠤᠶᠤ ᠠᠶᠢᠵᠠᠮ ᠢ ᠡᠷᠢᠵᠦ ᠪᠠᠶᠢᠨ᠎ᠠ︾ ᠭᠡᠵᠦ ᠢᠨᠢᠶᠡᠮᠰᠦᠭᠯᠡᠨ ᠬᠡᠯᠡᠪᠡ᠃      ︽ᠪᠠᠭᠰᠢ ᠶᠢᠨ ᠲᠡᠮᠳᠡᠭᠯᠡᠯ ᠤᠨ ᠳᠡᠪᠲᠡᠷ ᠵᠢᠷᠤᠮᠲᠤ ᠪᠠᠭᠠᠲᠤᠷ ᠤᠨ ᠨᠢᠭᠤᠴᠠ ᠨᠣᠮ ᠠᠴᠠ ᠴᠤ ᠡᠷᠬᠢᠮ ᠨᠠᠨᠳᠢᠨ ᠶᠤᠮ︾᠃ ᠱᠠᠪᠢ ᠸᠠᠩ ᠹᠧᠩ ᠹᠸᠢ᠂ ᠰᠦᠨ ᠴᠧᠩ ᠪᠢ ᠶᠢᠨ ᠤᠯᠠᠮᠵᠢᠯᠠᠭᠰᠠᠨ ︽ᠲᠠᠪᠤᠨ ᠠᠯᠬᠤᠮ ᠢᠶᠠᠷ ᠤᠷᠤᠭᠰᠢᠯᠠᠬᠤ ᠠᠷᠭ᠎ᠠ︾ ᠶᠢ ᠤᠳᠤ ᠪᠤᠯᠳᠠᠯ᠎ᠠ ᠴᠡᠭᠡᠵᠢᠯᠡᠵᠦ ᠪᠤᠢ᠄ ᠨᠢᠭᠡᠳᠦᠭᠡᠷ ᠠᠯᠬᠤᠮ ᠳᠤ ᠠᠵᠢᠯᠯᠠᠬᠤ ᠶᠠᠪᠤᠴᠠ ᠶᠢᠨ ᠵᠢᠷᠤᠭ ᠢ ᠵᠢᠷᠤᠵᠤ᠂ ᠬᠤᠶᠠᠳᠤᠭᠠᠷ ᠠᠯᠬᠤᠮ ᠳᠤ ᠵᠠᠩᠭᠢᠯᠠᠭ᠎ᠠ ᠶᠢᠨ ᠡᠵᠡᠮᠳᠡᠬᠦ ᠴᠡᠭ ᠢ ᠲᠣᠳᠣᠷᠬᠠᠶᠢᠯᠠᠵᠤ᠂ ᠭᠤᠷᠪᠠᠳᠤᠭᠠᠷ ᠠᠯᠬᠤᠮ ᠳᠤ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠲᠥᠰᠦᠯ ᠢ ᠲᠡᠮᠳᠡᠭᠯᠡᠵᠦ᠂ ᠳᠥᠷᠪᠡᠳᠦᠭᠡᠷ ᠠᠯᠬᠤᠮ ᠳᠤ ᠠᠷᠭ᠎ᠠ ᠵᠠᠮ ᠢ ᠳ᠋ᠦᠩᠨᠡᠨ ᠰᠢᠯᠢᠳᠡᠭᠵᠢᠭᠦᠯᠵᠦ᠂ ᠲᠠᠪᠤᠳᠤᠭᠠᠷ ᠠᠯᠬᠤᠮ ᠳᠤ ᠪᠠᠷᠢᠮᠵᠢᠶᠠᠵᠢᠭᠤᠯᠤᠭᠰᠠᠨ ᠳᠦᠷᠢᠮ ᠢ ᠪᠦᠷᠢᠯᠳᠦᠭᠦᠯᠦᠨ᠎ᠡ᠃ ᠡᠨᠡ ᠬᠦ ᠢᠵᠢ ᠠᠷᠭ᠎ᠠ ᠨᠢ ᠨᠢᠭᠡᠨᠲᠡ 2 ᠳᠡᠭᠡᠳᠦ ᠲᠡᠰ ᠤᠨ ᠮᠠᠰᠲ᠋ᠧᠷ᠂ 5 ᠮᠠᠰᠲ᠋ᠧᠷ ᠢ ᠬᠥᠮᠦᠵᠢᠭᠦᠯᠵᠦ᠂ 12 ᠱᠠᠪᠢ ᠶᠢ ᠴᠥᠮ ᠦᠢᠯᠡᠳᠪᠦᠷᠢᠯᠡᠯ ᠤᠨ ᠭᠤᠣᠯᠯᠠᠭᠴᠢ ᠬᠦᠴᠦᠨ ᠪᠣᠯᠭᠠᠪᠠ᠃      ︽ᠰᠦᠨ ᠴᠧᠩ ᠪᠢ ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ︾ ᠲᠤ᠂ 11 ᠬᠤᠪᠢ ᠰᠢᠷᠠᠯᠠᠭᠰᠠᠨ ᠠᠵᠢᠯ ᠤᠨ ᠵᠢᠯᠣᠭᠤᠳᠬᠤ ᠪᠢᠴᠢᠭ ᠢ ᠳᠡᠯᠭᠡᠨ ᠦᠵᠡᠭᠦᠯᠵᠦ ᠪᠣᠶ᠃ ᠡᠭᠦᠨ ᠳᠤ 27 ᠵᠢᠯ ᠤᠨ ᠲᠤᠷᠰᠢ ᠲᠣᠬᠢᠶᠠᠯᠳᠤᠭᠰᠠᠨ 167 ᠮᠡᠷᠭᠡᠵᠢᠯ ᠤᠨ ᠬᠦᠴᠢᠷ ᠠᠰᠠᠭᠤᠳᠠᠯ ᠵᠢᠴᠢ ᠰᠢᠢᠳᠪᠦᠷᠢᠯᠡᠬᠦ ᠲᠥᠰᠦᠯ ᠢ ᠨᠠᠷᠢᠨ ᠲᠣᠳᠣᠷᠬᠠᠶ ᠲᠡᠮᠳᠡᠭᠯᠡᠵᠡᠶ᠃ ᠭᠠᠷᠠᠭ ᠪᠦᠷᠢ ᠶᠢᠨ ᠲᠦᠷᠪᠡᠨ ᠤ ︽ᠮᠡᠷᠭᠡᠵᠢᠯ ᠤᠨ ᠦᠳᠡᠰᠢ ᠶᠢᠨ ᠵᠣᠭᠤᠭ︾ ᠲᠤ᠂ ᠵᠠᠯᠠᠭᠤ ᠠᠵᠢᠯᠴᠢᠳ ᠲᠠᠭᠠᠨ ᠭᠡᠷᠡᠯ ᠵᠢᠭᠰᠠᠯ ᠤᠨ ᠳ᠋ᠠᠶᠢᠲ᠋ᠠ ᠶᠢ ᠵᠠᠳᠠᠯᠤᠨ ᠰᠢᠨᠵᠢᠯᠡᠨ ᠵᠢᠭᠠᠵᠤ ᠦᠭᠴᠦ ᠪᠠᠶᠢᠬᠤ ᠶᠢ ᠣᠯᠵᠤ ᠬᠠᠷᠠᠳᠠᠭ᠃ ᠵᠠᠷᠢᠮ ᠬᠥᠮᠦᠨ ᠲᠡᠭᠦᠨ ᠠᠴᠠ ᠶᠠᠭᠤᠨ ᠳᠤ ᠬᠠᠷᠠᠮ ᠦᠭᠡᠢ ᠵᠢᠭᠠᠳᠠᠭ ᠪᠣᠶ ᠭᠡᠵᠦ ᠠᠰᠠᠭᠤᠭᠰᠠᠨ ᠳᠤ᠂ ᠲᠡᠷᠡ‌‍ᠬᠡᠷᠡᠮ ᠳᠡᠭᠡᠷᠡᠬᠢ ︽ᠪᠣᠯᠣᠳ ᠲᠡᠮᠦᠷ ᠤᠨ ᠦᠢᠯᠡᠰ ᠡᠬᠡ ᠤᠯᠤᠰ ᠤᠨ ᠢᠶᠠᠨ ᠲᠥᠯᠥᠭᠡ ᠵᠢᠳᠬᠦᠨ᠎ᠡ︾ ᠭᠡᠰᠡᠨ ᠬᠥᠨᠳᠡᠯᠡᠨ ᠪᠢᠴᠢᠭᠡᠰᠦ ᠶᠢ ᠵᠢᠭᠠᠵᠤ᠄ ︽ᠨᠢᠭᠡ ᠬᠥᠮᠦᠨ ᠤ ᠭᠠᠯ ᠤᠨ ᠲᠥᠯᠦ ᠵᠥᠪᠬᠡᠨ ᠥᠪᠡᠷ ᠢ ᠪᠠᠨ ᠳᠤᠯᠠᠭᠠᠴᠠᠭᠤᠯᠵᠤ᠂ ᠲᠦᠭ ᠲᠦᠮᠡᠨ ᠬᠥᠮᠦᠨ ᠤ ᠭᠠᠯ ᠪᠠᠮᠪᠠᠷ ᠰᠠᠶ᠋ᠢ ᠢᠷᠡᠭᠡᠳᠦᠶ ᠶᠢ ᠭᠡᠷᠡᠯᠲᠦᠭᠦᠯᠵᠦ ᠴᠢᠳᠠᠨ᠎ᠠ︾ ᠭᠡᠪᠡ᠃      2021 ᠣᠨ ᠤ ︽5 · 1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠰᠦᠨ ᠴᠧᠩ ᠪᠢ ᠥᠪᠡᠷᠲᠡᠭᠡᠨ ᠵᠠᠰᠠᠬᠤ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠨ ᠲᠡᠮᠳᠡᠭ ᠢ ᠵᠡᠭᠦᠪᠡ᠃ ᠪᠣᠯᠣᠳ ᠲᠡᠮᠦᠷ ᠤᠨ ᠦᠢᠯᠡᠰ ᠲᠤ ᠬᠠᠭᠠᠰ ᠨᠠᠰᠤ ᠪᠠᠨ ᠵᠤᠷᠢᠭᠤᠯᠤᠭᠰᠠᠨ ᠲᠡᠷᠡ᠄ ︽ᠪᠢ ᠪᠣᠯ ᠪᠣᠯᠣᠳ ᠪᠣᠯᠪᠠᠰᠤᠷᠠᠭᠤᠯᠳᠠᠭ ᠬᠥᠮᠦᠨ᠂ ᠵᠤᠤᠬ᠎ᠠ ᠰᠠᠶᠢᠨ ᠪᠤᠯᠪᠠᠯ ᠰᠠᠶ᠋ᠢ ᠰᠠᠶᠢᠨ ᠪᠤᠯᠤᠳ ᠪᠤᠯᠪᠠᠰᠤᠷᠠᠭᠤᠯᠵᠦ ᠴᠢᠳᠠᠨ᠎ᠠ︾ ᠭᠡᠪᠡ᠃ ᠪᠣᠷᠣᠭᠵᠢᠭᠤᠨ ᠦᠭᠡᠨ ᠤ ᠬᠢᠨᠢ ᠠᠷᠤ ᠳᠤ᠂ ᠲᠡᠭᠦᠨ ᠤ 27 ᠵᠢᠯ ᠢ ᠨᠢᠭᠡᠯᠡ ᠡᠳᠦᠷ ᠮᠡᠳᠦ ᠪᠠᠷ 1 ᠴᠠᠭ ᠤᠷᠢᠳᠴᠢᠯᠠᠨ ᠠᠵᠢᠯ ᠤᠨ ᠪᠠᠶᠢᠷᠢ ᠳᠠᠭᠠᠨ ᠬᠦᠷᠳᠡᠭ ᠵᠠᠩᠰᠢᠯ ᠪᠤᠢ᠂ ᠭᠠᠷ ᠤᠲᠠᠰᠤᠨ ᠳᠤᠨᠢ ᠭᠡᠷ ᠤᠨ ᠬᠥᠮᠦᠰ ᠤᠨ ᠭᠡᠷᠡᠯ ᠵᠢᠷᠤᠭ ᠪᠢᠰᠢ᠂ ᠬᠠᠷᠢᠨ ᠪᠤᠯᠤᠳ ᠡᠭᠦᠰᠭᠡᠭᠦᠷ ᠤᠨ ᠲᠤᠬᠠᠢ ᠰᠡᠭᠦᠳᠡᠷ ᠵᠢᠷᠤᠭ ᠪᠠᠶᠢᠭ᠎ᠠ ᠬᠠᠷᠠᠮᠰᠠᠯ ᠪᠤᠢ᠂ ᠬᠠᠶᠠᠬᠤ ᠠᠴᠠ ᠪᠠᠨ ᠲᠦᠪᠡᠭᠳᠡᠵᠦ ᠪᠠᠶᠢᠭ᠎ᠠ ᠪᠤᠯᠤᠳ ᠤᠨ ᠤᠴᠢ ᠳᠤ ᠰᠢᠳᠠᠭᠰᠠᠨ ᠴᠤᠭᠤᠷᠬᠠᠢ ᠠᠵᠢᠯ ᠤᠨ ᠬᠤᠪᠴᠠᠰᠤ ᠪᠤᠢ᠃      ᠡᠷᠭᠢᠯᠳᠦᠭᠡ ᠵᠤᠤᠬ᠎ᠠ ᠶᠢᠨ ᠤᠶᠤᠨᠲᠤ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠲᠡᠭᠦᠨ ᠤ ᠲᠦᠷᠦᠭᠦᠯᠡᠨ ᠰᠤᠳᠤᠯᠤᠨ ᠦᠢᠯᠡᠳᠦᠭᠰᠡᠨ ︽ᠨᠢᠭᠡ ᠳᠠᠷᠤᠪᠴᠢ ᠪᠠᠷ ᠪᠤᠯᠤᠳ ᠪᠣᠯᠪᠠᠰᠤᠷᠠᠭᠤᠯᠬᠤ ᠤᠶᠤᠨᠲᠤ ᠵᠠᠭᠪᠤᠷ ᠤᠨ ᠰᠢᠰᠲ᠋ᠧᠮ︾ ᠨᠢ ᠠᠬᠠᠮᠠᠳ ᠪᠠᠭᠰᠢ ᠶᠢᠨ ᠲᠤᠷᠰᠢᠯᠭ᠎ᠠ ᠶᠢ ᠳ᠋ᠠᠶᠢᠲ᠋ᠠ ᠶᠢᠨ ᠵᠠᠭᠪᠤᠷ ᠪᠣᠯᠭᠠᠨ ᠬᠤᠪᠢᠷᠠᠭᠤᠯᠪᠠ᠃ ᠵᠠᠯᠠᠭᠤ ᠮᠡᠷᠭᠡᠵᠢᠯᠲᠡᠨ AI ᠳᠤ ᠣᠷᠣᠯᠠᠭᠳᠠᠬᠤ ᠠᠴᠠ ᠵᠣᠪᠠᠵᠤ ᠪᠠᠶᠢᠬᠤ ᠦᠶ᠎ᠡ ᠳᠤ᠂ ᠲᠡᠷᠡ᠄ ︽ᠮᠠᠰᠢᠨ ᠢᠶᠠᠷ ᠬᠠᠮᠤᠭ ᠤᠨ ᠰᠢᠯᠢᠳᠡᠭ ᠪᠤᠯᠵᠤᠯᠳᠦ ᠲᠤᠭ᠎ᠠ ᠶᠢ ᠪᠤᠳᠤᠵᠤ ᠭᠠᠷᠭᠠᠵᠤ ᠴᠢᠳᠠᠨ᠎ᠠ᠂ ᠭᠡᠪᠡᠴᠦ ᠪᠤᠯᠤᠳ ᠲᠡᠮᠦᠷ ᠤᠨ ᠳᠤᠯᠠᠭᠠᠴᠠ ᠶᠢ ᠪᠤᠳᠤᠵᠤ ᠭᠠᠷᠭᠠᠵᠤ ᠳᠡᠶᠢᠯᠬᠦ ᠦᠭᠡᠢ᠃ ᠮᠠᠨ ᠤ ᠪᠤᠯᠤᠳ ᠪᠣᠯᠪᠠᠰᠤᠷᠠᠭᠤᠯᠤᠬᠴᠢᠳ ᠳᠠᠷᠤᠶ ᠲᠣᠭᠠᠴᠢᠯᠠᠭᠰᠠᠨ ᠴᠠᠭ ᠦᠶ᠎ᠡ ᠳᠤ ᠠᠵᠤ ᠦᠢᠯᠡᠳᠪᠦᠷᠢ ᠶᠢᠨ ᠳᠤᠯᠠᠭᠠᠴᠠ ᠶᠢ ᠰᠠᠬᠢᠵᠤ ᠪᠠᠶᠢᠨ᠎ᠠ︾ ᠭᠡᠵᠤ ᠢᠳᠡᠭᠡᠯ ᠲᠦᠬᠦᠷᠡᠩ ᠬᠡᠯᠡᠪᠡ᠃      ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠰᠦᠨ ᠴᠧᠩ ᠪᠢ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠢ ᠬᠦᠷᠲᠡᠪᠡ᠃ ᠵᠤᠤᠬᠠᠨ ᠤ ᠭᠠᠯ ᠳᠦᠷᠡᠯᠵᠡᠨ ᠨᠣᠴᠣᠵᠤ᠂ ᠲᠡᠭᠦᠨ ᠤ ᠡᠩᠭᠡᠷ ᠳᠡᠭᠡᠷᠡᠬᠢ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠤᠨ ᠳᠡᠮᠳᠡᠭ ᠢ ᠬᠡᠷᠡᠯᠳᠤᠬᠦᠯᠵᠤ ᠪᠠᠶᠢᠯ᠎ᠠ᠃ ᠰᠤᠷᠪᠤᠯᠵᠢᠯᠠᠭᠴᠢ 3 ᠵᠢᠯ ᠤᠨ ᠳᠣᠲᠣᠷᠠᠬᠢ ᠬᠠᠮᠤᠭ ᠤᠨ ᠶᠡᠭᠡ ᠬᠤᠪᠢᠷᠠᠯᠲᠠ ᠶᠢ ᠨᠢ ᠠᠰᠠᠭᠤᠬᠤ ᠳᠤ᠂ ᠡᠨᠡ ᠬᠦ ᠪᠤᠯᠤᠳ ᠲᠡᠮᠤᠷ ᠤᠨ ᠲᠠᠷᠬᠠᠨ ᠦᠢᠯᠡᠳᠪᠦᠷᠢ ᠶᠢᠨ ᠭᠡᠷ ᠤᠨ ᠭᠠᠳᠠᠨ᠎ᠠ ᠨᠠᠮᠢᠷᠠᠵᠤ ᠪᠠᠶᠢᠭ᠎ᠠ ᠤᠯᠠᠭᠠᠨ ᠲᠤᠬ ᠢ ᠵᠢᠭᠠᠵᠤ᠄ ︽ᠤᠤᠯ ᠨᠢ ᠪᠢ ᠮᠡᠷᠭᠡᠵᠢᠯ ᠢ ᠬᠥᠭᠡᠭᠡᠴᠡᠯᠳᠦᠨ ᠭᠦᠶᠦᠵᠦ ᠪᠠᠶᠢᠵᠠᠢ᠂ ᠤᠳᠤ ᠪᠢ ᠵᠠᠯᠠᠭᠤᠴᠤᠳ ᠢ ᠳᠠᠭᠠᠭᠤᠯᠤᠨ ᠰᠢᠨ᠎ᠡ ᠶᠢ ᠡᠭᠦᠳᠬᠦ ᠶᠢ ᠰᠦᠪᠡᠭᠴᠢᠯᠡᠵᠤ ᠪᠠᠶᠢᠨ᠎ᠠ︾ ᠭᠡᠪᠡ᠃ ︽ᠰᠦᠨ ᠴᠧᠩ ᠪᠢ ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ︾ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠲᠡᠳᠡᠨ ᠤ ᠪᠦᠯᠬᠦᠮ ᠤᠨ ᠡᠭᠦᠷᠭᠡᠯᠡᠵᠦ ᠪᠠᠶᠢᠭ᠎ᠠ ᠬᠤᠶᠠᠷ ᠲᠦᠷᠦᠯ ᠵᠦᠢᠯ ᠤᠳᠠᠯ ᠦᠭᠡᠢ ᠦᠷ᠎ᠡ ᠪᠦᠲᠦᠭᠡᠯ ᠤᠯᠬᠤ ᠭᠡᠵᠦ ᠪᠤᠢ᠂ ᠲᠠᠰᠤᠷᠠᠯᠳᠠ ᠦᠭᠡᠢ ᠬᠤᠪᠢᠷᠠᠵᠤ ᠪᠠᠶᠢᠭ᠎ᠠ ᠲᠤᠭ᠎ᠠ ᠪᠠᠷᠢᠮᠲᠠ ᠨᠢ ᠰᠦᠨ ᠴᠧᠩ ᠪᠢ ᠶᠢᠨ ᠡᠨᠡ ᠬᠦ ᠲᠦᠷᠦᠭᠳᠡᠯ ᠢ ᠭᠡᠷᠡᠴᠢᠯᠡᠵᠦ ᠪᠠᠶᠢᠨ᠎ᠠ᠃ ︽ᠲᠡᠮᠦᠷ ᠠᠭᠤᠯᠬᠤ ᠬᠡᠮᠵᠢᠶ᠎ᠡ ᠶᠢ ᠲᠣᠬᠢᠷᠠᠭᠤᠯᠤᠨ ᠰᠠᠶᠢᠵᠢᠷᠠᠭᠤᠯᠬᠤ︾ ᠲᠥᠷᠥᠯ ᠵᠦᠢᠯ ᠤᠨ ᠡᠭᠦᠳᠦᠨ ᠪᠦᠲᠦᠭᠡᠭᠰᠡᠨ 660 ᠲᠦᠮᠡᠨ ᠲᠥᠭᠦᠷᠢᠭ ᠤᠨ ᠵᠢᠯ ᠤᠨ ᠦᠷ᠎ᠡ ᠠᠰᠢᠭ ᠪᠣᠯᠤᠨ ︽ᠤᠯᠠᠶᠢᠯᠭᠠᠬᠰᠡᠨ ᠡᠭᠦᠯᠡᠨ ᠴᠠᠭᠠᠨ ᠴᠢᠯᠠᠭᠤ ᠶᠢᠨ ᠣᠷᠣᠯᠠᠭᠤᠯᠤᠯᠲᠠ ᠶᠢ ᠰᠢᠯᠢᠳᠡᠭᠵᠢᠭᠦᠯᠬᠦ︾ ᠲᠥᠷᠥᠯ ᠵᠦᠢᠯ ᠤᠨ ᠠᠪᠴᠢᠷᠠᠭᠰᠠᠨ ᠵᠤᠤᠬ᠎ᠠ ᠶᠢᠨ ᠭᠡᠷᠡᠭᠯᠡᠬᠦ ᠬᠤᠭᠤᠴᠠᠭ᠎ᠠ ᠶᠢᠨ ᠳᠡᠭᠡᠭᠰᠢᠯᠡᠯᠲᠡ ᠶᠢᠨ ᠮᠤᠷᠤᠶ ᠱᠤᠭᠤᠮ ᠨᠢ ᠶᠠᠭ ᠬᠤᠶᠠᠷ ᠰᠠᠯᠠᠭ᠎ᠠ ᠣᠷᠭᠢᠯᠣᠨ ᠳᠠᠪᠠᠯᠭᠠᠯᠠᠵᠤ ᠪᠠᠶᠢᠭ᠎ᠠ ᠬᠠᠶᠢᠯᠤᠮᠠᠯ ᠪᠤᠯᠤᠳ ᠲᠠᠢ ᠠᠳᠠᠯᠢ ᠪᠠᠶᠢᠵᠤ᠂ ᠣᠶᠤᠨᠴᠢ ᠪᠠᠷ ᠪᠣᠯᠣᠳ ᠪᠣᠯᠪᠠᠰᠤᠷᠠᠭᠤᠯᠬᠤ ᠵᠢᠷᠤᠭ ᠲᠥᠰᠦᠪ ᠳᠡᠭᠡᠷ᠎ᠡ ᠰᠢᠨ᠎ᠡ ᠣᠷᠣᠨ ᠪᠠᠶᠢᠷᠢ ᠶᠢ ᠴᠣᠭᠴᠠᠯᠠᠪᠠ᠃      8 ᠳ᠋ᠤᠭᠠᠷ ᠨᠣᠮᠧᠷᠲᠤ ᠡᠷᠭᠢᠯᠳᠦᠭᠡ ᠵᠤᠤᠬ᠎ᠠ ᠶᠢᠨ ᠠᠵᠢᠯᠯᠠᠬᠤ ᠲᠠᠰᠤᠭ ᠲᠤ᠂ ᠤᠶᠤᠨᠲᠤ ᠲᠤᠬᠢᠷᠠᠭᠤᠯᠭ᠎ᠠ ᠶᠢᠨ ᠵᠠᠭᠪᠤᠷ ᠤᠨ ᠪᠤᠯᠵᠤᠯᠳᠦ ᠲᠤᠭ᠎ᠠ ᠨᠢ ᠮᠥᠨ ᠬᠦ ᠦᠷᠭᠦᠯᠵᠢᠯᠡᠨ ᠳᠠᠪᠲᠠᠨ ᠣᠷᠣᠯᠠᠭᠳᠠᠭᠰᠠᠭᠠᠷ ᠪᠠᠶᠢᠯ᠎ᠠ᠃ ᠰᠦᠨ ᠴᠧᠩ ᠪᠢ ︽ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ︾ ᠭᠡᠬᠦ ᠦᠰᠦᠭ ᠢ ᠳᠠᠨᠢᠯᠴᠠᠭᠤᠯᠤᠨ ᠥᠩᠭᠡᠷᠡᠬᠦ ᠭᠱᠠᠨ ᠳᠤ᠂ ᠬᠢᠨᠠᠨ ᠡᠵᠡᠮᠳᠡᠬᠦ ᠳᠡᠯᠭᠡᠴᠡ ᠳᠤ ᠬᠠᠶᠢᠯᠤᠮᠠᠯ ᠪᠤᠯᠤᠳ ᠠᠴᠠ ᠦᠯᠢᠭᠡᠷ ᠶᠠᠩᠵᠤ ᠠᠪᠬᠤ ᠦᠶ᠎ᠡ ᠶᠢᠨ ᠬᠢᠯᠠᠯᠵᠠᠬᠰᠠᠨ ᠬᠤᠷᠤᠮ ᠢ ᠣᠯᠵᠤ ᠬᠠᠷᠠᠯ᠎ᠠ — ᠲᠡᠷᠡ ᠨᠢ ᠤᠨᠤᠴᠠᠳᠠᠢ ᠪᠤᠳᠤᠵᠦ ᠭᠠᠷᠭᠠᠭᠰᠠᠨ ᠮᠠᠩᠭᠠᠨ ᠤ ᠳᠡᠯᠭᠡᠷᠡᠯᠲᠡ ᠪᠣᠯᠤᠨ᠎ᠠ᠂ ᠮᠥᠨ ᠴᠦ ᠡᠨᠡ ᠬᠦ ᠲᠠᠯ᠎ᠠ ᠨᠤᠲᠤᠭ ᠤᠨ ᠪᠤᠯᠤᠳ ᠤᠨ ᠬᠤᠳᠠ ᠶᠢᠨ ᠤᠷᠠᠨ ᠳᠠᠷᠬᠠᠨ ᠤ ᠵᠣᠷᠢᠭ ᠰᠠᠨᠠᠭ᠎ᠠ ᠮᠡᠲᠦ᠂ ᠣᠨ ᠵᠢᠯ ᠤᠨ ᠳᠠᠪᠲᠠᠯᠲᠠ ᠶᠢ ᠥᠩᠭᠡᠷᠡᠭᠡᠭᠡᠳ ᠤᠯᠠᠮ ᠠᠴᠠ ᠤᠯᠠᠮ ᠭᠡᠷᠡᠯ ᠭᠢᠯᠪᠠᠭ᠎ᠠ ᠰᠠᠴᠤᠷᠠᠭᠤᠯᠤᠨ᠎ᠠ᠃ ᠪᠤᠯᠤᠳ ᠭᠠᠷᠭᠠᠬᠤ ᠬᠤᠩᠬᠤ ᠶᠢᠨ ᠲᠠᠭᠤᠨ ᠪᠣᠯᠤᠨ ᠬᠥᠳᠡᠯᠮᠦᠷᠢ ᠶᠢᠨ ᠵᠢᠱᠢᠶᠡᠴᠢ ᠶᠢᠨ ᠠᠵᠢᠯᠯᠠᠬᠤ ᠲᠠᠰᠤᠬ ᠤᠨ ᠳᠠᠷᠤᠪᠴᠢ ᠶᠢᠨ ᠲᠡᠪᠠᠬ ᠤᠨ ᠲᠠᠭᠤᠨ ᠴᠤᠤᠷᠢᠶᠠᠲᠤᠬᠤ ᠦᠶ᠎ᠡ ᠳᠤ᠂ ᠰᠢᠨ᠎ᠡ ᠴᠠᠭ ᠦᠶ᠎ᠡ ᠶᠢᠨ ᠪᠤᠯᠤᠳ ᠪᠤᠯᠪᠠᠰᠤᠷᠠᠭᠤᠯᠤᠬᠴᠢᠳ ᠤᠨ ᠦᠯᠢᠬᠡᠷ ᠶᠠᠭ ᠭᠠᠯ ᠬᠠᠯᠠᠭᠤᠨ ᠪᠤᠯᠤᠳ ᠤᠨ ᠳᠤᠮᠳᠠ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠪᠠᠶᠢᠬᠤ ᠮᠡᠳᠤ ᠰᠠᠨᠠᠭᠳᠠᠨ᠎ᠠ᠃      ᠪᠣᠯᠣᠳ ᠤᠨ ᠣᠴᠢ ᠦᠰᠦᠷᠬᠢᠯᠡᠨ᠂ ᠰᠦᠨ ᠴᠧᠩ ᠪᠢ ᠡᠳᠦᠷ ᠪᠦᠷᠢ ᠡᠷᠭᠢᠯᠳᠦᠭᠡ ᠵᠤᠤᠬ᠎ᠠ ᠶᠢᠨ ᠬᠤᠭᠤᠷᠣᠨᠳᠣ ᠰᠦᠯᠵᠢᠯᠳᠦᠨ᠎ᠡ᠃ ᠳᠡᠷᠡ ᠪᠠᠷ ᠡᠪᠡᠷᠰᠢᠭᠰᠡᠨ ᠬᠤᠶᠠᠷ ᠭᠠᠷ ᠢᠶᠠᠷ ᠢᠶᠠᠨ ᠳ᠋ᠦᠩᠰᠢᠭᠤᠷ ᠭᠠᠷᠤᠢ ᠲᠦᠬᠦᠷᠢᠭ ᠤᠨ ᠦᠷᠳᠡᠭ ᠪᠦᠬᠦᠢ ᠪᠤᠯᠤᠳ ᠪᠣᠯᠪᠠᠰᠤᠷᠠᠭᠤᠯᠬᠤ ᠲᠥᠬᠦᠭᠡᠷᠦᠮᠵᠢ ᠶᠢ ᠣᠨᠣᠪᠴᠢᠲᠠᠢ ᠡᠵᠡᠮᠳᠡᠬᠦ ᠳᠡᠳᠤᠢ ᠦᠭᠡᠢ ᠪᠠᠰᠠ ᠱᠠᠪᠢ ᠨᠠᠷ ᠤᠨ ᠢᠶᠠᠨ ᠨᠢᠳᠦ ᠬᠠᠮᠠᠭᠠᠯᠠᠬᠤ ᠰᠢᠯ ᠳᠡᠭᠡᠷᠡᠬᠢ ᠪᠤᠯᠤᠳ ᠤᠨ ᠰᠢᠭᠠᠷᠤ ᠶᠢ ᠬᠥᠩᠭᠡᠬᠡᠨ ᠠᠷᠴᠢᠵᠤ ᠥᠭᠬᠦᠨ᠎ᠠ᠃ ᠲᠡᠭᠦᠨ ᠤ ᠪᠡᠶ᠎ᠡ ᠳᠡᠭᠡᠷ᠎ᠡ ᠠᠴᠠ᠂ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠬᠠᠮᠤᠭ ᠤᠨ ᠰᠡᠳᠭᠢᠯ ᠬᠥᠳᠡᠯᠭᠡᠮ᠎ᠡ ᠲᠦᠷᠢ ᠲᠥᠷᠬᠦ — ᠤᠷᠠᠨ ᠲᠠᠷᠬᠠᠨ ᠤ ᠵᠤᠷᠢᠭ ᠰᠠᠨᠠᠭ᠎ᠠ ᠪᠠᠷ ᠳᠥᠰᠢ ᠪᠣᠯᠭᠠᠵᠤ᠂ ᠰᠢᠨ᠎ᠡ ᠶᠢ ᠡᠭᠦᠳᠬᠦ ᠪᠠᠷ ᠠᠯᠤᠬ᠎ᠠ ᠪᠣᠯᠭᠠᠵᠤ᠂ ᠪᠤᠯᠤᠳ ᠪᠣᠯᠤᠨ ᠭᠠᠯ ᠤᠨ ᠳᠠᠪᠲᠠᠯᠲᠠ ᠳᠤᠮᠳᠠ᠂ ᠳᠤᠮᠳᠠᠳᠤ ᠤᠯᠤᠰ ᠤᠨ ᠦᠢᠯᠡᠳᠭᠡᠯ ᠤᠨ ᠬᠠᠳᠠᠨ ᠵᠣᠷᠢᠭ ᠢ ᠳᠠᠪᠲᠠᠨ ᠪᠣᠯᠪᠠᠰᠤᠷᠠᠭᠤᠯᠵᠤ ᠪᠠᠶᠢᠬᠤ ᠨᠢ ᠢᠯᠡᠭᠡᠨ ᠬᠠᠷᠠᠭᠳᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ