︽ᠵᠢᠷᠭᠤᠭᠠᠨ ᠠᠵᠢᠯᠯᠠᠭᠠᠨ︾ ᠶᠠᠭ ᠶᠠᠪᠤᠭᠳᠠᠵᠤ ᠪᠤᠢ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠬᠡᠷᠡᠭᠵᠢᠭᠦᠯᠵᠦ ᠨᠡᠭᠡᠭᠡᠯᠲᠡ ᠬᠢᠵᠦ ᠬᠠᠮᠲᠤᠷᠠᠯᠴᠠᠬᠤ ᠰᠢᠨ᠎ᠡ ᠣᠷᠣᠨ ᠵᠠᠢ ᠶᠢ ᠦᠷᠭᠡᠳᠬᠡᠵᠦ ᠪᠤᠢ
ᠨᠡᠶᠢᠲᠡᠯᠡᠭᠰᠡᠨ ᠴᠠᠭ᠄
2025/4/28
      2025 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠵᠢᠷᠭᠤᠭᠠᠨ ᠠᠵᠢᠯᠯᠠᠭᠠᠨ︾ ᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢᠶᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ︽ᠬᠥᠭᠦᠷᠭᠡᠨ ᠪᠠᠬᠢᠯᠡᠯᠲᠡ︾ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠪᠣᠯᠭᠠᠵᠤ᠂ 2 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠵᠤ᠂ ᠤᠯᠠᠨ ᠤᠯᠤᠰ᠂ ᠤᠯᠤᠰ ᠤᠨ ᠳᠣᠲᠣᠭᠠᠳᠤ᠂ ᠣᠷᠣᠨ ᠤ ᠳᠣᠲᠣᠭᠠᠳᠤ ᠭᠤᠷᠪᠠᠨ ᠬᠡᠮᠵᠢᠯ ᠠᠴᠠ 3 ᠲᠠᠯ᠎ᠠ ᠶᠢᠨ 21 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠳᠣᠲᠣᠭᠠᠳᠤ ᠭᠠᠳᠠᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠵᠢᠯᠴᠠᠨ ᠬᠠᠮᠲᠤ ᠪᠠᠷ ᠤᠷᠤᠭᠰᠢᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠤᠯᠠᠨ ᠤᠯᠤᠰ ᠲᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠲᠦᠪᠰᠢᠨ ᠪᠦᠬᠦᠢ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠪᠤᠢ       2024 ᠣᠨ ᠳᠤ᠂ ᠥᠪᠥᠷ ᠮᠣᠩᠭᠤᠯ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠲᠠᠯ᠎ᠠ ᠪᠠᠷ ᠲᠣᠪᠣᠶᠢᠮ᠎ᠠ ᠠᠮᠵᠢᠯᠲᠠ ᠣᠯᠵᠠᠢ᠃      ᠳᠤᠮᠳᠠᠳᠤ ᠮᠣᠩᠭᠤᠯ ᠤᠨ ᠡᠷᠢᠶᠡᠨ ᠬᠤᠲᠠ ︱ ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠵᠥᠪᠰᠢᠶᠡᠷᠡᠭᠳᠡᠵᠦ᠂ ᠪᠥᠬᠦ ᠤᠯᠤᠰ ᠤᠨ ᠭᠤᠷᠪᠠᠳᠠᠭᠢ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠪᠠ᠃      ᠪᠥᠬᠦ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠬᠤᠶᠠᠷ ᠵᠢᠯ ᠳᠠᠷᠠᠭᠠᠯᠠᠨ 1 ᠳ᠋ᠦᠩᠰᠢᠭᠤᠷ ᠲᠣᠨ ᠢ ᠳᠠᠪᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 2000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ ᠬᠡᠮᠵᠢᠶ᠎ᠡ 37 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠳᠤ ᠪᠣᠳᠠᠲᠠᠢ ᠪᠡᠯᠡ ᠣᠷᠣᠭᠤᠯᠤᠭᠰᠠᠨ ᠬᠡᠮᠵᠢᠶ᠎ᠡ 53.6 ᠳ᠋ᠦᠩᠰᠢᠭᠤᠷ ᠲᠥᠭᠦᠷᠢᠭ ᠲᠤ ᠬᠥᠷᠪᠡ᠃      ᠣᠳᠣᠬᠠᠨ ᠳᠤ ᠥᠪᠥᠷ ᠮᠣᠩᠭᠤᠯ ᠤᠨ ᠪᠤᠲᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ᠂ ᠠᠷᠠᠯᠵᠢᠶᠠᠨ ᠤ ᠬᠡᠪᠴᠢᠶ᠎ᠡ ᠵᠢᠴᠢ ᠨᠡᠭᠡᠭᠡᠯᠲᠡ ᠬᠢᠬᠦ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠵᠡᠷᠭᠡ ᠲᠠᠯ᠎ᠠ ᠪᠠᠷ ᠮᠥᠨ ᠳᠡᠭᠡᠭᠰᠢᠯᠡᠭᠦᠯᠬᠦ ᠣᠷᠣᠨ ᠵᠠᠢ ᠲᠠᠢ ᠪᠠᠶᠢᠨ᠎ᠠ᠃ ᠡᠭᠦᠨ ᠳᠤ᠂ ︽ᠬᠡᠷᠡᠭᠵᠢᠭᠦᠯᠬᠦ ᠲᠥᠰᠥᠯ︾ ᠳᠤ ᠨᠠᠷᠢᠯᠢᠭ ᠣᠨᠣᠴᠠᠲᠠᠢ ᠲᠥᠷᠥ ᠶᠢᠨ ᠪᠣᠳᠣᠯᠭ᠎ᠠ ᠲᠣᠭᠲᠠᠭᠠᠪᠠ᠃      ︽ᠭᠠᠷᠭᠠᠯᠲᠠ︾ ᠶᠢᠨ ᠲᠠᠯ᠎ᠠ ᠪᠠᠷ       ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ︽ᠨᠢᠭᠡ ᠪᠦᠰᠡ ᠨᠢᠭᠡ‌ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠪᠥᠬᠦ ᠲᠠᠯ᠎ᠠ ᠪᠠᠷ ᠣᠷᠣᠯᠴᠠᠵᠤ᠂ ᠵᠡᠭᠦᠨ ᠬᠤᠶᠢᠲᠤ ᠠᠽᠢᠶ᠎ᠠ᠂ ᠳᠤᠮᠳᠠᠳᠤ ᠠᠽᠢᠶ᠎ᠠ᠂ ᠡᠸᠦ᠋ᠷᠦᠫᠡ ᠲᠢᠪ ᠪᠠ ᠡᠮᠦᠨᠡᠲᠦ ᠠᠮᠧᠷᠢᠺᠠ ᠲᠢᠪ᠂ ᠠᠹᠷᠢᠺᠠ ᠲᠢᠪ ᠵᠡᠷᠭᠡ ᠵᠠᠮ ᠳᠠᠭᠠᠤ ᠶᠢᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 2200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃      2025 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠠᠷᠠᠳ ᠤᠨ ᠵᠣᠭᠤᠰ ᠢᠶᠠᠷ 477.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠤ ᠪᠠᠨ ᠲᠡᠩᠴᠡᠭᠦᠦ ᠪᠣᠯᠪᠠ᠃ ᠭᠠᠷ ᠳᠠᠮᠵᠢᠭᠰᠠᠨ ᠮᠠᠰᠢᠨ ᠲᠡᠷᠭᠡ ᠶᠢ ᠨᠡᠶᠢᠲᠡ 1684 ᠶᠢ ᠭᠠᠳᠠᠭᠠᠳᠤ ᠳᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 27.28% ᠪᠠᠷ ᠨᠡᠮᠡᠭᠳᠡᠪᠡ᠃ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠤᠭ᠎ᠠ 1.075 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 240.1% ᠪᠠᠷ ᠨᠡᠮᠡᠭᠳᠡᠪᠡ᠃      ︽ᠣᠷᠣᠭᠤᠯᠤᠯᠲᠠ︾ ᠶᠢᠨ ᠲᠠᠯ᠎ᠠ ᠪᠠᠷ      ᠨᠡᠭᠡᠭᠡᠯᠲᠡ ᠬᠢᠬᠦ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠦᠴᠦᠯᠡᠨ ᠲᠦᠷᠭᠡᠳᠬᠡᠵᠦ ᠪᠤᠢ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ ︱ ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠨᠠᠷᠢᠨ ᠨᠢᠮᠪᠠᠢ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠪᠠᠶᠢᠷᠢ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠬᠢᠯᠢ ᠶᠢᠨ ᠪᠣᠭᠤᠮᠲᠠ ᠬᠢᠭᠡᠳ ᠥᠷᠥᠴᠡ ᠭᠠᠵᠠᠷ ᠤᠨ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ︽ᠭᠠᠷ ᠳᠠᠮᠵᠢᠪᠠᠴᠤ ᠠᠰᠢᠭ ᠬᠥᠷᠲᠡᠬᠦ ᠦᠭᠡᠢ︾ ᠠᠰᠠᠭᠤᠳᠠᠯ ᠢ ᠨᠢᠭᠡ ᠴᠣᠭᠴᠠᠵᠢᠭᠤᠯᠤᠨ ᠰᠢᠢᠳᠪᠦᠷᠢᠯᠡᠨ᠎ᠡ᠃ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 1.3 ᠳ᠋ᠦᠩᠰᠢᠭᠤᠷ ᠲᠣᠨ ᠠᠴᠠ ᠳᠠᠪᠠᠭᠤᠯᠤᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠢᠷᠡᠵᠦ ᠪᠤᠴᠠᠬᠤ ᠶᠡᠷᠦᠩᠬᠡᠢ ᠬᠡᠮᠵᠢᠶ᠎ᠡ ᠶᠢ 500 ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃      2025 ᠣᠨ ᠤ ᠨᠢᠭᠡᠳᠦᠭᠡᠷ ᠤᠯᠠᠷᠢᠯ ᠳᠤ᠂ ᠬᠥᠬᠡᠬᠤᠲᠠ᠂ ᠣᠷᠳᠣᠰ᠂ ᠮᠠᠨᠵᠤᠤᠷ ᠵᠡᠷᠭᠡ 3 ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ 48.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 12.8% ᠪᠠᠷ ᠨᠡᠮᠡᠭᠳᠡᠨ᠂ ᠪᠦᠬᠦᠯᠢ ᠴᠣᠭᠴᠠ ᠪᠠᠷ ᠢᠶᠠᠨ ᠰᠠᠶᠢᠨ ᠡᠬᠢᠯᠡᠯᠲᠡ ᠲᠠᠢ ᠪᠣᠯᠪᠠ᠃      ᠡᠭᠦᠨ ᠳᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ 25.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.1% ᠪᠠᠷ ᠨᠡᠮᠡᠭᠳᠡᠨ᠂ 78 ᠳ᠋ᠤᠭᠠᠷ ᠲᠤ ᠵᠢᠭᠰᠠᠭᠠᠭᠳᠠᠵᠤ᠂ ᠣᠷᠣᠨ ᠨᠢ 25 ᠪᠠᠶᠢᠷᠢ ᠳᠡᠭᠡᠭᠰᠢᠯᠡᠵᠡᠢ᠃ ᠪᠥᠬᠦ ᠣᠷᠣᠨ ᠳᠤ 139 ᠵᠢᠰᠢᠶᠠᠨ ᠤ ᠭᠠᠯᠲᠤ ᠲᠡᠷᠭᠡ ᠶᠢ ᠠᠶᠠᠯᠠᠭᠤᠯᠵᠤ᠂ ᠠᠳᠠᠯᠢ ᠬᠤᠭᠤᠴᠠᠭᠠᠨ ᠤ  ᠬᠢ ᠠᠴᠠ 27.5% ᠪᠠᠷ ᠨᠡᠮᠡᠭᠳᠡᠪᠡ︔ ᠬᠢᠯᠢ ᠶᠢᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2985.28 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ 11.5% ᠳᠤ ᠬᠦᠷᠴᠡᠢ᠃ ᠬᠢᠯᠢ ᠶᠢᠨ ᠵᠥᠭᠡᠭᠡᠪᠦᠷᠢ ᠪᠠᠷ ᠢᠷᠡᠵᠦ ᠶᠠᠪᠤᠭᠰᠠᠨ ᠠᠶᠠᠨᠴᠢᠳ ᠤᠨ ᠲᠤᠭ᠎ᠠ 179.63 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.8% ᠪᠠᠷ ᠨᠡᠮᠡᠭᠳᠡᠪᠡ᠂ ᠡᠭᠦᠨ ᠳᠤ 57.89 ᠲᠦᠮᠡᠨ ᠬᠥᠮᠥᠨ ᠨᠢ ᠨᠠᠢᠮᠠᠨ ᠰᠠᠭᠤᠳᠠᠯ ᠲᠠᠢ ᠮᠠᠰᠢᠨ ᠲᠡᠷᠭᠡ ᠪᠠᠷ ᠢᠷᠡᠵᠦ ᠶᠠᠪᠤᠵᠠᠢ᠃      ᠤᠯᠤᠰ ᠤᠨ ᠳᠣᠲᠣᠭᠠᠳᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠵᠤ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠦᠷᠭᠡᠳᠬᠡᠵᠦ ᠪᠤᠢ       2024 ᠣᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠠᠯ᠎ᠠ ᠪᠠᠷ ᠦᠯᠡᠮᠵᠢ ᠶᠡᠭᠡ ᠦᠷ᠎ᠡ ᠪᠦᠲᠦᠭᠡᠯ ᠣᠯᠵᠠᠢ᠃ ᠰᠤᠷᠭᠠᠨ ᠬᠥᠮᠦᠵᠢᠯ ᠤᠨ ᠬᠠᠮᠵᠢᠯᠴᠠᠭᠠᠨ ᠤ 21 ᠲᠥᠷᠥᠯ ᠵᠦᠢᠯ ᠢ ᠪᠡᠶᠡᠯᠡᠭᠦᠯᠵᠦ᠂ 39 ᠳᠤᠮᠳᠠᠳᠤ ᠪᠠᠭ᠎ᠠ ᠰᠤᠷᠭᠠᠭᠤᠯᠢ᠂ 11 ᠶᠡᠭᠡ ᠳᠡᠭᠡᠳᠦ ᠰᠤᠷᠭᠠᠭᠤᠯᠢ ᠯᠤᠭ᠎ᠠ ᠰᠢᠨ᠎ᠡ ᠪᠠᠷ ᠬᠤᠣᠰᠯᠠᠯ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ 30 ᠲᠠᠪᠴᠠᠩ ᠢ ᠬᠠᠮᠲᠤ ᠪᠠᠷ ᠪᠠᠶᠢᠭᠤᠯᠵᠤ᠂ ︽ᠨᠣᠭᠤᠭᠠᠨ ᠪᠣᠳᠣᠯᠲᠠ ᠶᠢᠨ ᠬᠦᠴᠦᠨ︾ ᠤ 37 ᠲᠥᠷᠥᠯ ᠵᠦᠢᠯ ᠢ ᠪᠤᠲᠠᠲᠠᠶᠢᠵᠢᠭᠤᠯᠤᠨ᠂ ᠲᠠᠷᠢᠬᠢᠨ ᠤ ᠡᠮᠴᠢᠯᠡᠭᠡᠨ ᠤ ᠰᠠᠯᠠᠭ᠎ᠠ ᠪᠠ ᠴᠡᠭᠡᠵᠢ ᠶᠢᠨ ᠡᠮᠴᠢᠯᠡᠭᠡᠨ ᠤ ᠰᠠᠯᠠᠭ᠎ᠠ ᠶᠢᠨ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠵᠤ᠂ ᠪᠡᠭᠡᠵᠢᠩ ᠤᠨ 1248 ᠲᠦᠮᠡᠨ ᠵᠢᠭᠤᠯᠴᠢᠯᠠᠭᠰᠠᠳ ᠥᠪᠥᠷ ᠮᠣᠩᠭᠤᠯ ᠳᠤ ᠢᠷᠡᠪᠡ᠃ ︽ᠨᠣᠭᠤᠭᠠᠨ ᠴᠠᠬᠢᠯᠭᠠᠨ ᠢ ᠪᠡᠭᠡᠵᠢᠩ ᠳᠤ ᠣᠷᠣᠭᠤᠯᠤᠭᠰᠠᠨ︾ ᠠᠷᠠᠯᠵᠢᠶᠠᠨ ᠤ ᠬᠡᠮᠵᠢᠶ᠎ᠡ 5.13 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94% ᠪᠠᠷ ᠨᠡᠮᠡᠭᠳᠡᠵᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ 308 ᠳ᠋ᠦᠩᠰᠢᠭᠤᠷ ᠲᠤ ᠬᠦᠷᠴᠦ᠂ ᠳᠠᠬᠢᠨ ᠢᠶᠠᠷ ᠨᠡᠮᠡᠭᠳᠡᠭᠦᠯᠬᠦ ᠡᠭᠦᠷᠭᠡ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃      2025 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠳᠠᠬᠢᠨ ᠢᠶᠠᠷ ᠨᠡᠮᠡᠭᠳᠡᠭᠦᠯᠬᠦ ᠵᠢᠷᠭᠤᠭᠠᠨ ᠲᠥᠯᠥᠪᠯᠡᠭᠡ︾ ᠪᠠ ︽ᠳᠦᠷᠪᠡᠨ ᠵᠦᠢᠯ ᠤᠨ ᠠᠵᠢᠯᠯᠠᠭᠠᠨ︾ ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ ᠪᠦᠲᠦᠭᠡᠭᠳᠡᠬᠦᠨ᠂ ᠨᠣᠭᠤᠭᠠᠨ ᠴᠠᠬᠢᠯᠭᠠᠨ ᠢ ᠪᠡᠭᠡᠵᠢᠩ ᠳᠤ ᠣᠷᠣᠭᠤᠯᠬᠤ ᠬᠡᠪᠴᠢᠶ᠎ᠡ᠂ ᠪᠡᠭᠡᠵᠢᠩ ᠥᠪᠥᠷ ᠮᠣᠩᠭᠤᠯ ᠤᠨ ᠤᠶᠤᠨᠴᠢ ᠪᠣᠳᠣᠯᠲᠠ ᠶᠢᠨ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ᠂ ᠨᠡᠩ ᠤᠯᠠᠨ ︽ᠪᠡᠭᠡᠵᠢᠩ ᠤᠨ ᠪᠡᠯᠡ︾ ︽ᠪᠡᠭᠡᠵᠢᠩ ᠤᠨ ᠡᠮᠨᠡᠯᠭᠡ︾ ︽ᠪᠡᠭᠡᠵᠢᠩ ᠤᠨ ᠪᠠᠭᠰᠢ︾ ︽ᠪᠡᠭᠡᠵᠢᠩ ᠤᠨ ᠮᠡᠷᠭᠡᠵᠢᠯ︾ ᠢ ᠥᠪᠥᠷ ᠮᠣᠩᠭᠤᠯ ᠳᠤ ᠲᠠᠳᠠᠨ ᠠᠪᠴᠢᠷᠠᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ ᠪᠤᠢ᠃      ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠦᠷᠢᠶᠡᠯᠡᠩ ᠢ 78᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 135 ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ᠂ ᠪᠡᠭᠡᠵᠢᠩ ᠳᠤ ᠣᠷᠣᠭᠤᠯᠬᠤ ᠨᠣᠭᠤᠭᠠᠨ ᠴᠠᠬᠢᠯᠭᠠᠨ ᠢ 150 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠵᠤ᠂ ᠪᠡᠭᠡᠵᠢᠩ ᠳᠤ 300 ᠭᠠᠷᠤᠢ ᠳ᠋ᠦᠩᠰᠢᠭᠤᠷ ᠲᠥᠭᠦᠷᠢᠭ ᠤᠨ ᠥᠪᠥᠷ ᠮᠣᠩᠭᠤᠯ ᠪᠦᠲᠦᠭᠡᠭᠳᠡᠬᠦᠨ ᠢ ᠪᠣᠷᠣᠯᠠᠭᠤᠯᠬᠤ ᠪᠠᠷ ᠬᠦᠴᠦᠯᠡᠨ ᠴᠢᠷᠮᠠᠶᠢᠨ᠎ᠠ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ 24 ᠪᠠᠶᠢᠭᠤᠯᠵᠤ᠂ ︽ᠪᠡᠭᠡᠵᠢᠩ ᠤᠨ ᠡᠮᠨᠡᠯᠭᠡ︾ ᠪᠠᠷ ᠵᠢᠯ ᠤᠨ ᠳᠣᠲᠣᠷ᠎ᠠ ᠡᠪᠡᠳᠴᠢᠲᠡᠳ ᠲᠤ 50 ᠭᠠᠷᠤᠢ ᠲᠦᠮᠡᠨ ᠬᠥᠮᠥᠨ ᠤᠳᠠᠭ᠎ᠠ ᠦᠢᠯᠡᠴᠢᠯᠡᠭᠦᠯᠦᠨ᠎ᠡ᠃      2025 ᠣᠨ ᠤ ᠨᠢᠭᠡᠳᠦᠭᠡᠷ ᠤᠯᠠᠷᠢᠯ ᠳᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠢᠯᠯᠠᠭ᠎ᠠ ᠡᠷᠬᠢᠯᠡᠵᠦ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠢᠯ ᠤᠨ ᠦᠷᠳᠡᠭᠡ ᠶᠢ ᠪᠠᠶᠢᠭᠤᠯᠵᠤ᠂ ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ 2.45 ᠲᠦᠮᠡᠨ ᠮᠠᠯᠴᠢᠨ ᠲᠠᠷᠢᠶᠠᠴᠢᠨ ᠤ ᠠᠵᠢᠯ ᠣᠯᠭᠤᠯᠲᠠ ᠳᠤ ᠬᠦᠴᠦᠨ ᠨᠡᠮᠡᠷᠢᠯᠡᠪᠡ︔ ︽ᠪᠡᠭᠡᠵᠢᠩ ᠤᠨ ᠡᠮᠨᠡᠯᠭᠡ︾ ᠶᠢᠨ 490 ᠲᠤᠰᠬᠠᠢ ᠮᠡᠷᠭᠡᠵᠢᠯᠲᠡᠨ ᠥᠪᠥᠷ ᠮᠣᠩᠭᠤᠯ ᠳᠤ 1800 ᠬᠥᠮᠥᠨ ᠤᠳᠠᠭ᠎ᠠ ᠡᠪᠡᠳᠴᠢᠨ ᠦᠵᠡᠵᠦ᠂ ᠬᠦᠴᠢᠷ ᠲᠦᠪᠡᠭᠲᠡᠢ ᠪᠤᠳᠤᠯᠢᠶᠠᠨᠲᠠᠢ ᠡᠪᠡᠳᠴᠢᠨ ᠳᠤ ᠨᠡᠷᠪᠡᠭᠳᠡᠭᠰᠡᠳ ᠢ 3.5 ᠲᠦᠮᠡᠨ ᠬᠥᠮᠥᠨ ᠤᠳᠠᠭ᠎ᠠ ᠬᠦᠯᠢᠶᠡᠨ ᠠᠪᠴᠤ ᠡᠮᠴᠢᠯᠡᠪᠡ︔ ᠰᠢᠨ᠎ᠡ ᠪᠠᠷ 108 ᠲᠥᠷᠥᠯ ᠵᠦᠢᠯ ᠳᠤ ︽ᠪᠡᠭᠡᠵᠢᠩ ᠤᠨ ᠪᠡᠯᠡ︾ ᠶᠢᠨ ᠵᠥᠪᠯᠡᠯᠴᠡᠭᠡᠷ ᠲᠣᠬᠢᠷᠠᠯᠴᠠᠪᠠ᠃      ᠵᠦᠩ ᠶᠢᠨ ᠳ᠋ᠠᠶᠢᠲ᠋ᠠ ᠶᠢᠨ ᠪᠦᠯᠦᠭᠯᠡᠯ᠂ ᠪᠡᠭᠡᠵᠢᠩ ᠤᠨ ᠵᠢᠶᠠᠨ ᠶᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠱᠧᠦ ᠨᠦᠩ ᠪᠦᠯᠦᠭᠯᠡᠯ᠂ ᠵᠢᠩ ᠨᠧᠩ ᠪᠦᠯᠦᠭᠯᠡᠯ ᠵᠡᠷᠭᠡ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠤᠯᠠᠭᠠᠨᠴᠠᠪ ︵ᠪᠡᠭᠡᠵᠢᠩ ᠥᠪᠥᠷ ᠮᠣᠩᠭᠤᠯ︶ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠳᠤ ︽ᠪᠡᠭᠡᠵᠢᠩ ᠤᠨ ᠮᠡᠷᠭᠡᠵᠢᠯ︾ ᠤᠨ ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠦᠯᠬᠦᠮ ᠵᠡᠷᠭᠡ ᠨᠡᠶᠢᠲᠡ 24 ᠰᠠᠭᠤᠷᠢᠰᠢᠪᠠ᠃      ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ ᠠᠪᠴᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ ᠪᠤᠢ       2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠳᠣᠲᠣᠭᠠᠳᠤ ᠳᠠᠬᠢ ᠪᠡᠯᠡ ᠮᠥᠩᠭᠦ ᠶᠢ 5573.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃      2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠯᠦᠭᠡ ᠨᠢᠭᠲᠠ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠴᠢᠩᠭᠠᠳᠬᠠᠬᠤ ᠯᠤᠭ᠎ᠠ ᠤᠶᠠᠯᠳᠤᠭᠤᠯᠤᠨ᠂ ᠡᠨᠧᠷᠭᠢ᠂ ᠡᠬᠢ ᠪᠠᠶᠠᠯᠢᠭ᠂ ᠪᠣᠳᠣᠯᠲᠠ ᠶᠢᠨ ᠬᠦᠴᠦᠨ ᠵᠡᠷᠭᠡ ᠲᠠᠯ᠎ᠠ ᠪᠠᠷ ᠠᠵᠤ ᠠᠬᠤᠢ ᠶᠢᠨ ᠲᠣᠮᠣ ᠮᠤᠵᠢ ᠯᠤᠭ᠎ᠠ ᠬᠠᠮᠲᠤᠷᠠᠯᠴᠠᠬᠤ ᠪᠠᠨ ᠴᠢᠩᠭᠠᠳᠬᠠᠵᠤ᠂ ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠳᠤ ᠡᠯᠪᠡᠭ ᠪᠠᠶᠠᠯᠢᠭ ᠬᠡᠷᠡᠭᠯᠡᠭᠡᠨ ᠤ ᠠᠬᠤᠢ ᠪᠠᠶᠢᠳᠠᠯ ᠬᠠᠩᠭᠠᠬᠤ ᠪᠣᠯᠣᠨ᠎ᠠ᠃      ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶ᠎ᠠ ᠬᠤᠳᠠᠯᠳᠤᠭᠠᠨ ᠤ ᠵᠥᠪᠳᠡᠯᠴᠡᠭᠡᠨ ᠤ ᠴᠤᠭᠯᠠᠭᠠᠨ ᠵᠡᠷᠭᠡ ᠥᠨᠳᠥᠷ ᠴᠢᠳᠠᠪᠬᠢᠲᠤ ᠳᠡᠰ ᠤᠨ ᠣᠷᠢᠵᠤ ᠲᠠᠲᠠᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠠᠵᠢᠯᠯᠠᠬᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠴᠢᠩᠭᠠᠷᠠᠭᠤᠯᠵᠤ᠂ ᠪᠥᠬᠦ ᠵᠢᠯ ᠳᠤ 5700 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃      2025 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠭᠠᠷᠴᠤ ᠶᠠᠪᠤᠬᠤ︾ ᠰᠠᠯᠪᠤᠷᠢ ᠠᠩᠭᠢ ᠪᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ 376 ᠲᠥᠷᠥᠯ ᠵᠦᠢᠯ ᠳᠤ ᠰᠢᠨ᠎ᠡ ᠪᠠᠷ ᠵᠥᠪᠯᠡᠯᠴᠡᠭᠡᠷ ᠲᠣᠬᠢᠷᠠᠯᠴᠠᠪᠠ᠃      ᠪᠥᠬᠦ ᠣᠷᠣᠨ ᠤ ᠶᠠᠭ ᠬᠡᠷᠡᠭᠵᠢᠭᠦᠯᠵᠦ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠲᠠᠲᠠᠬᠤ 1977 ᠲᠥᠷᠥᠯ ᠵᠦᠢᠯ ᠳᠤ ᠤᠯᠤᠰ ᠤᠨ ᠳᠣᠲᠣᠭᠠᠳᠤ ᠳᠠᠬᠢ 830.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 37.7% ᠪᠠᠷ ᠨᠡᠮᠡᠭᠳᠡᠪᠡ᠂ ᠡᠭᠦᠨ ᠳᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ ᠪᠣᠯᠬᠤ ᠭᠠᠵᠠᠷ ᠣᠷᠣᠨ ᠤ ᠪᠡᠯᠡ ᠮᠥᠩᠭᠦ ᠶᠢ 593.7 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠪᠥᠬᠦ ᠣᠷᠣᠭᠤᠯᠤᠨ ᠠᠪᠴᠢᠷᠠᠭᠰᠠᠨ ᠪᠡᠯᠡ ᠮᠥᠩᠭᠦ ᠶᠢᠨ 71.5% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 46.6% ᠪᠠᠷ ᠨᠡᠮᠡᠭᠳᠡᠨ᠂ ᠰᠠᠶᠢᠨ ᠡᠬᠢᠯᠡᠯᠲᠡ ᠲᠠᠢ ᠪᠣᠯᠪᠠ᠃      ᠮᠤᠵᠢ ᠣᠷᠣᠨ ᠤ ᠬᠤᠭᠤᠷᠣᠨᠳᠣᠬᠢ ᠡᠨᠧᠷᠭᠢ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠪᠤᠢ       ᠪᠥᠬᠦ ᠵᠢᠯ ᠳᠤ ᠰᠢᠨ᠎ᠡ ᠡᠨᠧᠷᠭᠢ ᠶᠢᠨ ᠭᠠᠳᠠᠭᠰᠢ ᠬᠦᠷᠭᠡᠬᠦ ᠴᠠᠬᠢᠯᠭᠠᠨ ᠤ ᠬᠡᠮᠵᠢᠶ᠎ᠡ ᠶᠢ 800 ᠳ᠋ᠦᠩᠰᠢᠭᠤᠷ ᠺᠢᠯᠣᠸᠠᠲ ᠴᠠᠭ ᠲᠤ ᠬᠦᠷᠦᠭᠦᠯᠬᠦ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰ ᠤᠨ ᠬᠡᠷᠡᠭᠯᠡᠭᠡᠨ ᠤ ᠬᠤᠣᠰ ᠴᠢᠭᠯᠡᠯᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠭᠤᠷᠴᠠᠭ ᠭᠠᠵᠠᠷ ᠢ 8 ᠠᠴᠠ ᠢᠯᠡᠭᠦᠦ ᠪᠦᠲᠦᠭᠡᠨ ᠪᠠᠶᠢᠭᠤᠯᠵᠤ᠂ 10 ᠵᠦᠢᠯ ᠤᠨ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠥᠷᠥᠯ ᠵᠦᠢᠯ ᠢ ᠪᠤᠲᠠᠲᠠᠶᠢᠵᠢᠭᠤᠯᠤᠨ᠎ᠠ︔ ᠪᠣᠬᠢᠷᠲᠤᠯ ᠦᠭᠡᠢ ᠢᠳᠡᠭᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠪᠥᠬᠦ ᠤᠯᠤᠰ ᠲᠤ ᠬᠠᠨᠳᠤᠭᠤᠯᠤᠨ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠬᠥᠮᠥᠷᠭᠡ ᠶᠢ ᠪᠠᠶᠢᠷᠢᠰᠢᠭᠤᠯᠵᠤ᠂ ︽ᠥᠪᠥᠷ ᠮᠣᠩᠭᠤᠯ ᠤᠨ ᠥᠨᠥᠷ ᠠᠮᠲᠠ︾ ᠲᠠᠢ ᠬᠤᠰᠢᠭᠤᠴᠢ ᠳᠡᠯᠭᠡᠭᠦᠷ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ 200 ᠠᠵᠤ ᠠᠬᠤᠶᠢᠯᠠᠯ᠂ 2000 ᠲᠥᠷᠥᠯ ᠤᠨ ᠪᠦᠲᠦᠭᠡᠭᠳᠡᠬᠦᠨ ᠢ ᠣᠷᠣᠨ ᠠᠴᠠ ᠭᠠᠷᠭᠠᠨ ᠪᠣᠷᠣᠯᠠᠭᠤᠯᠬᠤ ᠶᠢ ᠳᠠᠶᠢᠴᠢᠯᠠᠨ᠎ᠠ᠃ ᠴᠢᠨᠠᠷ ᠰᠠᠶᠢᠲᠠᠢ ᠵᠢᠭᠤᠯᠴᠢᠯᠠᠯ ᠤᠨ ᠨᠡᠷᠡᠳᠬᠦᠨ ᠢ ᠶᠡᠭᠡ ᠪᠠᠷ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ ᠲᠤᠭ᠎ᠠ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠨ᠎ᠠ᠃      2025 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ᠂ ᠬᠥᠪᠴᠢ ᠠᠴᠠ ᠱᠠᠩᠬᠠᠢ ᠳᠤ ᠴᠠᠬᠢᠯᠭᠠᠨ ᠬᠦᠷᠭᠡᠬᠦ ᠵᠡᠷᠭᠡ ᠲᠦᠷᠦᠯ ᠵᠦᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠡᠰᠡᠭ ᠰᠢᠨ᠎ᠡ ᠡᠨᠧᠷᠭᠢ ᠬᠢᠨᠠᠨ ᠵᠦᠪᠰᠢᠶᠡᠷᠡᠭᠳᠡᠵᠦ ︵ᠳᠠᠩᠰᠠᠯᠠᠭᠳᠠᠵᠤ︶᠂ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠤᠨ ᠠᠵᠢᠯ ᠢ ᠲᠣᠭᠲᠠᠭᠤᠨ ᠢᠶᠠᠷ ᠠᠬᠢᠭᠤᠯᠪᠠ᠃ ᠰᠠᠯᠬᠢ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ 7 ᠪᠠᠶᠢᠭᠤᠯᠵᠤ᠂ ᠤᠰᠤᠲᠥ᠋ᠷᠥᠭᠴᠢ ᠦᠢᠯᠡᠳᠦᠭᠰᠡᠨ ᠬᠡᠪᠴᠢᠶ᠎ᠡ ᠶᠢ ᠵᠢᠯ ᠪᠦᠷᠢ 6 ᠲᠦᠮᠡᠨ ᠲᠣᠨ ᠪᠣᠯᠭᠠᠵᠤ᠂ ᠪᠥᠬᠦ ᠤᠯᠤᠰ ᠤᠨ ᠲᠡᠷᠢᠭᠦᠨ ᠳᠤ ᠪᠠᠶᠢᠷᠢᠯᠠᠪᠠ᠃      ᠤᠯᠠᠭᠠᠨᠴᠠᠪ ᠠᠴᠠ ᠶᠠᠨᠱᠠᠨ ᠬᠦᠷᠬᠦ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ᠂ ᠲᠡᠭᠷᠢ ᠡᠯᠡᠰᠦ ᠠᠴᠠ ᠵᠢᠶᠠᠩᠰᠢ ᠳᠤ ᠴᠠᠬᠢᠯᠭᠠᠨ ᠬᠦᠷᠭᠡᠬᠦ ᠲᠥᠷᠥᠯ ᠵᠦᠢᠯ ᠵᠡᠷᠭᠡ ᠡᠨᠧᠷᠭᠢ ᠶᠢᠨ ᠬᠠᠮᠲᠤᠷᠠᠯᠴᠠᠭᠠᠨ ᠤ ᠲᠥᠷᠥᠯ ᠵᠦᠢᠯ ᠳᠤ ᠤᠯᠤᠰ ᠤᠨ ᠴᠣᠬᠤᠯᠠᠪᠤᠷᠢ ᠶᠢ ᠣᠯᠪᠠ᠃      ᠱᠠᠨᠳᠦ᠋ᠩ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠬᠤ ᠠᠵᠢᠯ ᠢᠳᠡᠪᠬᠢᠲᠡᠢ ᠠᠬᠢᠵᠤ ᠪᠠᠶᠢᠨ᠎ᠠ᠃      ᠪᠡᠭᠡᠵᠢᠩ ᠬᠤᠲᠠ ᠶᠢᠨ ᠠᠭᠠᠷ ᠢᠶᠠᠷ ᠬᠢᠴᠢᠶᠡᠯᠯᠡᠬᠦ ᠲᠠᠩᠬᠢᠮ ᠨᠢ ᠰᠦᠯᠵᠢᠶᠡᠨ ᠳᠡᠭᠡᠷᠡᠬᠢ ᠡᠬᠢ ᠪᠠᠶᠠᠯᠢᠭ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠦᠬᠦᠨ ᠢ ᠨᠡᠪᠲᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠨᠡᠶᠢᠭᠡᠮᠯᠢᠭ ᠤᠨ ᠨᠠᠷᠠᠲᠤ ᠪᠠᠭᠰᠢ ᠶᠢᠨ ᠠᠵᠢᠯ ᠤᠨ ᠲᠠᠰᠤᠭ ᠢ ᠰᠢᠨ᠎ᠡ ᠪᠠᠷ 10 ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 100 ᠭᠤᠣᠯᠯᠠᠭᠴᠢ ᠪᠠᠭᠰᠢ᠂ 1000 ᠵᠠᠯᠠᠭᠤ ᠪᠠᠭᠰᠢ ᠶᠢ ᠬᠦᠮᠦᠵᠢᠭᠦᠯᠬᠦ ᠪᠣᠯᠣᠨ᠎ᠠ᠃      ᠠᠩᠬᠠᠳᠠᠭᠴᠢ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠭᠤᠷᠴᠠᠭ ᠭᠠᠵᠠᠷ ᠤᠨ ᠰᠢᠰᠲ᠋ᠧᠮ ᠤᠨ ᠭᠤᠶᠤᠴᠢᠯᠠᠨ ᠮᠡᠳᠡᠭᠦᠯᠬᠦ ᠠᠵᠢᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠭᠤᠴᠤᠴᠢᠯᠠᠨ ᠮᠡᠳᠡᠭᠦᠯᠬᠦ ᠠᠵᠢᠯ ᠢ ᠡᠬᠢᠯᠡᠭᠦᠯᠪᠡ᠃       ᠣᠷᠣᠨ ᠤ ᠳᠣᠲᠣᠭᠠᠳᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠳᠣᠲᠣᠷᠠᠬᠢ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠤᠢ       ᠵᠡᠭᠦᠨ ᠳᠤᠮᠳᠠ ᠪᠠᠷᠠᠭᠤᠨ ᠣᠷᠣᠨ ᠤ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠡᠷᠡᠭᠵᠢᠭᠦᠯᠬᠦ ᠲᠥᠰᠥᠯ︾ ᠳᠤ ᠳᠤᠷᠠᠳᠤᠭᠰᠠᠨ ᠨᠢ᠂ ᠬᠥᠬᠡᠬᠤᠲᠠ ᠪᠤᠭᠤᠲᠤ ᠣᠷᠳᠣᠰ ᠬᠢᠭᠡᠳ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠬᠢᠭᠡᠳ ᠵᠡᠭᠦᠨ ᠭᠤᠷᠪᠠᠨ ᠮᠤᠵᠢ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃      ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠬᠤᠲᠠᠴᠢᠯᠠᠨ ᠬᠥᠭᠵᠢᠭᠦᠯᠬᠦ ᠶᠢ ᠠᠬᠢᠭᠤᠯᠵᠤ᠂ ᠵᠣᠬᠢᠶᠠᠮᠠᠯ ᠤᠶᠤᠨ᠂ ᠨᠣᠭᠤᠭᠠᠨ ᠪᠤᠳᠤᠯᠲᠠ ᠶᠢᠨ ᠬᠦᠴᠦᠨ᠂ ᠰᠠᠯᠬᠢ ᠭᠡᠷᠡᠯᠴᠢ ᠴᠡᠨᠡᠭ ᠤᠰᠤᠲᠥ᠋ᠷᠥᠭᠴᠢ ᠨᠥᠭᠡᠴᠡ᠂ ᠬᠤᠪᠣᠷ ᠰᠢᠷᠣᠢ ᠵᠡᠷᠭᠡ ᠬᠦᠷᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃      ᠦᠬᠠᠢ ᠶᠢ ᠲᠣᠭᠤᠷᠢᠭᠰᠠᠨ ᠣᠷᠣᠨ ᠪᠦᠰᠡ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠪᠠᠶᠠᠨᠨᠠᠭᠤᠷ ᠤᠨ ᠲᠣᠰᠣ ᠬᠡᠢ ᠪᠠ ᠥᠩᠭᠡᠲᠦ ᠲᠡᠮᠦᠷᠯᠢᠭ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠠᠬᠢᠭᠤᠯᠤᠨ᠎ᠠ᠃      ︽ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠤᠭᠰᠠᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠵᠦ ᠲᠥᠯᠥᠪᠯᠡᠭᠡ ᠪᠠᠨ ᠴᠢᠩᠭᠠᠳᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠤᠨ ᠭᠠᠵᠠᠷ ᠣᠷᠣᠨ ᠤ ᠬᠡᠰᠡᠭ ᠣᠷᠣᠨ ᠤ ᠬᠤᠷᠠᠯᠳᠤᠭᠠᠨ ᠢ ᠪᠠᠴᠢᠮ ᠶᠠᠭᠠᠷᠠᠯᠲᠠᠢ ᠪᠡᠯᠡᠳᠬᠡᠵᠦ᠂ ᠠᠯᠢ ᠣᠯᠠᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠬᠢᠯᠡᠨ ᠲᠤᠭᠤᠷᠪᠢᠵᠤ ᠪᠤᠢ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠢᠮᠠᠭᠲᠠ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠡᠭᠦᠷᠭᠡ ᠪᠠᠨ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠪᠣᠳᠠᠲᠤ ᠠᠵᠢᠯᠯᠠᠭ᠎ᠠ ᠪᠠᠷ ᠢᠶᠠᠨ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠨᠡᠩ ᠰᠠᠶᠢᠨ ᠠᠭᠤᠰᠤᠯᠴᠠᠬᠤ ᠪᠠ ᠦᠢᠯᠡᠴᠢᠯᠡᠬᠦ ᠶᠢ ᠠᠬᠢᠭᠤᠯᠵᠤ᠂ ᠴᠢᠳᠠᠮᠵᠢ ᠪᠠᠨ ᠬᠠᠷᠢᠯᠴᠠᠨ ᠨᠥᠬᠦᠪᠦᠷᠢᠯᠡᠬᠦ᠂ ᠪᠠᠶᠢᠷᠢ ᠰᠣᠯᠪᠢᠴᠠᠨ ᠬᠥᠭᠵᠢᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠷᠢ ᠰᠠᠭᠤᠷᠢ ᠪᠠ ᠦᠢᠯᠡᠳᠦᠯ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ