ᠰᠢᠨ᠎ᠡ ᠴᠠᠭ ᠦᠶ᠎ᠡ ᠶᠢᠨ ᠣᠮᠤᠭ ᠲᠡᠭᠦᠯᠳᠡᠷ ᠬᠠᠷᠢᠭᠤᠴᠠᠯᠭ᠎ᠠ ᠡᠭᠦᠷᠭᠡᠯᠡᠯ ᠲᠠᠢ ᠲᠡᠮᠡᠴᠡᠭᠴᠢ ᠪᠣᠯᠰᠤᠭᠠᠢ
ᠨᠡᠶᠢᠲᠡᠯᠡᠭᠰᠡᠨ ᠴᠠᠭ᠄
2025/4/28
      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 27 ᠤ ᠴᠠᠭᠢᠯᠭᠠᠨ ᠮᠡᠳᠡᠭᠡ   ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠡᠭᠡ ᠬᠤᠷᠠᠯ ᠬᠤᠷᠠᠯᠳᠤᠭᠤᠯᠵᠤ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡ ᠪᠦᠯᠦᠭ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠪᠠᠷ ᠪᠤᠢ᠃ ᠡᠨᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠭᠰᠠᠨ ᠤ ᠲᠠᠷᠠᠭ᠎ᠠ᠂ ᠠᠩᠬ᠎ᠠ ᠤᠳᠠᠭ᠎ᠠ ᠪᠦᠭᠦ ᠤᠯᠤᠰ ᠤᠨ ᠴᠢᠨᠠᠷᠲᠠᠢ ᠭᠦᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ ᠪᠠᠶᠢᠭ᠎ᠠ ᠶᠠᠪᠤᠳᠠᠯ ᠪᠣᠯᠣᠨ᠎ᠠ᠂ ᠡᠨᠡ  ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠰᠢᠷᠭᠠᠭᠤ ᠲᠡᠮᠡᠴᠡᠯ᠂ ᠨᠡᠩ ᠣᠶᠤᠨᠴᠢ ᠡᠭᠦᠳᠦᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ᠂ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠬᠤ ᠨᠢ ᠯᠠᠪᠲᠠᠢ ᠶᠤᠮ᠃      ᠬᠥᠳᠡᠯᠮᠦᠷᠢᠯᠡᠬᠦ ᠪᠠᠷ ᠲᠠᠮᠵᠢᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠵᠤ᠂ ᠲᠡᠮᠡᠴᠡᠬᠦ ᠪᠠᠷ ᠲᠠᠮᠵᠢᠨ ᠠᠭᠤᠤ ᠦᠢᠯᠡᠰ ᠢ ᠪᠦᠲᠦᠭᠡᠨ᠎ᠡ᠃ ᠰᠢᠨ᠎ᠡ ᠴᠠᠭ ᠦᠶ᠎ᠡ ᠠᠴᠠ ᠨᠠᠭᠠᠰᠢ ᠢᠯᠠᠩᠭᠤᠶ᠎ᠠ 2020 ᠣᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ ᠪᠠᠷ ᠢᠷᠡᠭᠰᠡᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠢᠳᠡᠷᠡᠭᠦᠨ ᠠᠯᠬᠤᠭ᠎ᠠ ᠶᠢ ᠠᠬᠢᠭᠤᠯᠵᠠᠢ᠃ ᠡᠨᠡ ᠬᠦ ᠲᠡᠦᠬᠡᠨ ᠶᠠᠪᠤᠴᠠ ᠳᠤ᠂ ᠡᠯ᠎ᠡ ᠠᠵᠢᠯ ᠲᠦᠷᠦᠯ ᠳᠤ ᠨᠢᠭᠡ ᠪᠦᠯᠦᠭ ᠲᠡᠷᠢᠭᠦᠨ ᠤ ᠵᠢᠱᠢᠶᠡᠴᠢ ᠬᠥᠮᠥᠰ ᠴᠣᠯᠭᠤᠷᠠᠨ ᠭᠠᠷᠴᠠᠢ᠂ ᠡᠨᠡ ᠤᠳᠠᠭ᠎ᠠ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ 1670 ᠬᠥᠮᠥᠨ᠂ ᠪᠦᠭᠦ ᠤᠯᠤᠰ ᠤᠨ ᠲᠡᠷᠢᠭᠦᠨ ᠤ ᠠᠵᠢᠯᠲᠠᠨ 756 ᠬᠥᠮᠥᠨ ᠪᠣᠯ ᠲᠦᠭ ᠲᠦᠮᠡᠨ ᠬᠥᠳᠡᠯᠮᠦᠷᠢᠴᠢᠨ ᠲᠦᠮᠡᠨ ᠤ ᠳᠤᠮᠳᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠃ ᠲᠡᠳᠡ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ ᠳᠠᠶᠠᠭᠠᠷ ᠲᠤ ᠭᠡᠷᠡᠯ ᠰᠠᠴᠤᠷᠠᠩᠭᠤᠢ ᠰᠤᠷᠤᠯᠴᠠᠬᠤ ᠳᠠᠭᠤᠷᠢᠶᠠᠯ ᠪᠣᠯᠵᠤ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠥᠭᠵᠢᠭᠡᠵᠡᠢ᠃      ᠰᠢᠨ᠎ᠡ ᠴᠠᠭ ᠦᠶ᠎ᠡ ᠠᠴᠠ ᠨᠠᠭᠠᠰᠢᠬᠢ ᠡᠳᠡᠭᠡᠷ ᠵᠢᠯ ᠤᠳ ᠪᠣᠯ ᠲᠤᠶᠢᠯ ᠤᠨ ᠶᠡᠷᠦ ᠪᠤᠰᠤ᠂ ᠲᠤᠶᠢᠯ ᠤᠨ ᠬᠡᠪ ᠤᠨ ᠪᠤᠰᠤ ᠶᠤᠮ᠂ ᠮᠠᠨ ᠤ ᠨᠠᠮ ᠢᠮᠠᠭᠲᠠ ᠠᠷᠠᠳ ᠲᠦᠮᠡᠨ ᠢ ᠴᠢᠩᠭ᠎ᠠ ᠲᠦᠰᠢᠭᠯᠡᠵᠦ᠂ ᠦᠵᠡᠬᠦ ᠳᠤ ᠢᠯᠠᠨ ᠳᠠᠪᠠᠵᠤ ᠴᠢᠳᠠᠰᠢ ᠦᠭᠡᠢ ᠪᠡᠷᠬᠡ ᠪᠠᠷᠳᠠᠭ᠎ᠠ ᠨᠤᠭᠤᠳ ᠢ ᠢᠯᠠᠨ ᠳᠠᠪᠠᠵᠤ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠦᠰᠢᠲᠡᠢ ᠬᠠᠷᠢᠭᠤᠯᠲᠠ ᠶᠢᠨ ᠬᠠᠭᠤᠳᠠᠰᠤ ᠨᠤᠭᠤᠳ ᠢ ᠲᠤᠰᠢᠶᠠᠭᠰᠠᠨ ᠪᠠᠶᠢᠨ᠎ᠠ᠃ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠤᠨ ᠢᠯᠠᠯᠲᠠ ᠶᠢᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠭᠰᠠᠨ ᠠᠴᠠ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠴᠣᠯᠭᠤᠷᠠᠨ ᠭᠠᠷᠤᠭᠰᠠᠨ ᠭᠦᠷᠲᠡᠯ᠎ᠡ᠂ ᠲᠠᠭᠢᠭᠠᠳ ᠠᠮᠤ ᠪᠤᠳᠠᠭᠠᠨ ᠤ ᠭᠠᠷᠤᠯᠲᠠ ᠲᠡᠦᠬᠡᠨ ᠳᠡᠭᠡᠷ᠎ᠡ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠳᠡᠭᠲᠡᠷ ᠲᠤ ᠭᠠᠷᠴᠤ᠂ ᠲᠡᠮᠦᠷ ᠵᠠᠮ ᠤᠨ ᠡᠵᠡᠩᠨᠡᠯᠲᠡ ᠶᠢᠨ ᠤᠷᠳᠤ 16.2 ᠲᠦᠮᠡᠨ ᠺᠢᠯᠣᠮᠧᠲᠷ ᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠭᠰᠡᠨ ᠬᠡᠮᠵᠢᠶ᠎ᠡ ᠠᠩᠬ᠎ᠠ ᠤᠳᠠᠭ᠎ᠠ 1000 ᠲᠦᠮᠡ ᠶᠢ ᠳᠠᠪᠠᠭᠰᠠᠨ ᠭᠦᠷᠲᠡᠯ᠎ᠡ ᠁ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ ᠤᠶᠤᠨ ᠴᠢᠳᠠᠪᠤᠷᠢ ᠪᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠮᠢᠩᠭᠠᠨ ᠳᠠᠷᠪᠠᠭᠤᠯᠲᠤ ᠣᠩᠭᠤᠴᠠ ᠥᠷᠢᠰᠦᠯᠳᠦᠨ ᠤᠷᠤᠭᠰᠢᠯᠠᠭᠰᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠤᠷᠤᠰᠬᠠᠯ ᠳᠤᠮᠳᠠ ᠠᠵᠢᠯ ᠬᠢᠵᠦ ᠦᠢᠯᠡᠰ ᠪᠣᠰᠬᠠᠨ᠂ ᠡᠷᠡᠮᠡᠬᠡᠶᠢᠯᠡᠨ ᠤᠷᠤᠭᠰᠢᠯᠠᠵᠤ᠂ ᠤᠶᠤᠨ ᠤᠬᠠᠭᠠᠨ ᠪᠣᠯᠣᠨ ᠬᠦᠴᠦ ᠬᠥᠯᠥᠰᠦ ᠪᠠᠷ ᠢᠶᠠᠨ ︽ᠳᠤᠮᠳᠠᠳᠤ ᠶᠢᠨ ᠵᠡᠭᠦᠳᠦ · ᠭᠦᠳᠡᠯᠮᠦᠷᠢ ᠰᠠᠶᠢᠬᠠᠨ︾ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠠᠷᠠᠳ ᠲᠦᠮᠡᠨ ᠪᠣᠯ ᠲᠡᠦᠬᠡ ᠶᠢᠨ ᠡᠭᠦᠳᠦᠨ ᠪᠦᠲᠦᠭᠡᠭᠴᠢ ᠮᠥᠨ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠢᠮᠠᠭᠲᠠ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ ᠤ ᠭᠦᠳᠡᠯᠮᠦᠷᠢ ᠶᠢᠨ ᠬᠠᠯᠠᠭᠤᠨ ᠰᠡᠳᠬᠢᠯᠭᠡ᠂ ᠡᠭᠦᠳᠦᠨ ᠪᠦᠲᠦᠭᠡᠬᠦ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠬᠠᠮᠤᠭ ᠤᠨ ᠪᠠᠲᠤ ᠪᠠᠬᠢ ᠰᠠᠭᠤᠷᠢ᠂ ᠬᠠᠮᠤᠭ ᠤᠨ ᠭᠦᠨ ᠵᠤᠵᠠᠭᠠᠨ ᠬᠦᠴᠦᠨ ᠲᠠᠢ ᠪᠣᠯᠵᠠᠢ᠃      ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠠᠵᠢᠯᠴᠢᠨ ᠤ ᠬᠥᠳᠡᠯᠭᠡᠭᠡᠨ ᠤ ᠲᠡᠦᠬᠡ ᠶᠢ ᠡᠷᠭᠢᠴᠡᠭᠦᠯᠬᠦᠶ᠎ᠡ᠂ ᠨᠠᠮ ᠤᠨ ᠠᠩᠬᠠᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭᠠᠬᠢ ᠭᠤᠣᠯ ᠠᠵᠢᠯ ᠪᠣᠯ ᠠᠵᠢᠯᠴᠢᠨ ᠤ ᠬᠥᠳᠡᠯᠭᠡᠭᠡᠨ ᠢ ᠤᠳᠤᠷᠢᠳᠴᠤ᠂ ᠵᠣᠬᠢᠶᠠᠨ ᠪᠠᠶᠢᠭᠤᠯᠵᠤ ᠠᠬᠢᠭᠤᠯᠤᠭᠰᠠᠨ ᠶᠠᠪᠤᠳᠠᠯ ᠪᠣᠯᠣᠨ᠎ᠠ ᠭᠡᠵᠦ ᠲᠣᠳᠣᠷᠬᠠᠶᠢᠯᠠᠵᠠᠢ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ᠂ ᠨᠠᠮ ᠲᠠᠢ ᠪᠠᠨ ᠰᠡᠳᠬᠢᠯ ᠨᠢᠭᠡᠳᠴᠦ᠂ ᠨᠠᠮ ᠢᠶᠠᠨ ᠲᠠᠭᠠᠨ ᠲᠡᠮᠡᠴᠡᠵᠦ᠂ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠦᠯᠬᠦᠮᠳᠡᠨ᠂ ᠭᠠᠪᠢᠶ᠎ᠠ ᠪᠠᠶᠢᠭᠤᠯᠤᠨ ᠦᠢᠯᠡᠰ ᠪᠣᠰᠬᠠᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠠᠵᠢᠯᠴᠢᠨ ᠤ ᠡᠪᠯᠡᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠠᠭ ᠦᠶ᠎ᠡ ᠶᠢᠨ ᠭᠤᠣᠯ ᠰᠡᠳᠦᠪ ᠪᠣᠯᠣᠨ ᠴᠢᠭᠯᠡᠯ ᠢ ᠪᠠᠲᠤ ᠡᠵᠡᠮᠳᠡᠵᠦ᠂ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠤ ᠡᠯ᠎ᠡ ᠠᠵᠢᠯ ᠲᠦᠷᠦᠯ᠂ ᠡᠯ᠎ᠡ ᠬᠦᠷᠢᠶᠡᠨ ᠳᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠵᠣᠬᠢᠶᠠᠨ ᠪᠠᠶᠢᠭᠤᠯᠤᠨ ᠲᠠᠶᠢᠴᠢᠯᠠᠵᠥ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃      ᠥᠨᠥᠳᠥᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ᠃ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠬᠡᠪ ᠴᠢᠨᠠᠷ ᠨᠢ ᠪᠦᠭᠦ ᠲᠠᠯ᠎ᠠ ᠪᠠᠷ ᠳᠡᠭᠡᠭᠰᠢᠯᠡᠨ᠂ ᠳᠦᠷᠰᠦ ᠪᠠᠶᠢᠳᠠᠯ ᠨᠢ ᠴᠣ ᠰᠢᠨ᠎ᠡ ᠪᠣᠯᠵᠤ᠂ ᠡᠵᠡᠨ ᠬᠥᠮᠥᠨ ᠤ ᠣᠮᠤᠭ ᠲᠡᠭᠦᠯᠳᠡᠷ ᠳᠦᠷᠢ ᠪᠠᠶᠢᠳᠠᠯ ᠢ ᠭᠦᠢᠴᠡᠳ ᠢᠯᠡᠷᠡᠭᠦᠯᠵᠦ᠂ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠴᠢᠩᠭ᠎ᠠ ᠪᠠᠳᠠᠷᠠᠵᠤ᠂ ᠭᠠᠵᠢᠭᠤ ᠶᠢ ᠢᠲᠡᠭᠡᠬᠦ ᠦᠭᠡᠢ᠂ ᠰᠥᠷᠭᠡᠦ ᠠᠴᠠ ᠠᠶᠤᠬᠤ ᠦᠭᠡᠢ᠂ ᠳᠠᠷᠤᠯᠲᠠ ᠠᠴᠠ ᠲᠠᠯᠵᠢᠬᠤ ᠦᠭᠡᠢ ᠬᠠᠲᠠᠭᠤ ᠲᠡᠮᠡᠴᠡᠯ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠶᠢᠷᠲᠢᠨᠴᠦ ᠶᠢ ᠨᠡᠭᠡᠭᠡᠵᠦ ᠪᠠᠶᠢᠨ᠎ᠠ᠃ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ  ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠡ ᠨᠢᠳᠡᠷ ᠲᠡᠭᠡᠨ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃ ᠤᠷᠤᠭᠰᠢᠯᠠᠯᠲᠠ ᠶᠢᠨ ᠵᠠᠮ ᠳᠡᠭᠡᠷ᠎ᠡ᠂ ᠭᠠᠭᠴᠠ ᠬᠦ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠳᠠᠭ ᠯᠠ ᠶᠤᠮ ᠪᠣᠯ ᠢᠯᠠᠭᠳᠠᠰᠢ ᠦᠭᠡᠢ ᠪᠠᠲᠤ ᠪᠠᠬᠢ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠴᠢᠳᠠᠨ᠎ᠠ᠃      ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳᠤ ᠡᠮᠦᠨ᠎ᠡ ᠪᠠᠶᠢᠭ᠎ᠠ ᠦᠭᠡᠢ ᠠᠷᠭ᠎ᠠ ᠭᠡᠯᠪᠡᠷᠢ ᠪᠠᠷ ᠥᠷᠨᠢᠵᠦ ᠪᠠᠶᠢᠨ᠎ᠠ᠂ ᠮᠠᠨ ᠤ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠵᠦ᠂ ᠮᠠᠨ ᠤ ᠠᠤᠭ᠎ᠠ ᠶᠡᠭᠡ ᠦᠢᠯᠡᠰ ᠢᠶᠠᠨ ᠠᠬᠢᠭᠤᠯᠬᠤ ᠳᠤ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠬᠤ ᠶᠢ ᠨᠡᠩ ᠢᠯᠡᠭᠦᠦ ᠱᠠᠭᠠᠷᠳᠠᠵᠤ ᠪᠠᠶᠢᠨ᠎ᠠ᠃ ᠡᠨᠡ ᠨᠢ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠵᠡᠷᠭᠡ ᠶᠢᠨ ᠲᠣᠭᠤᠷᠢᠨ ᠳᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠭᠡᠯᠪᠡᠷᠢ ᠶᠢᠨ᠂ ᠤᠷ᠎ᠠ ᠮᠡᠷᠭᠡᠵᠢᠯ ᠤᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠶᠡᠭᠡ ᠴᠡᠷᠢᠭ ᠢ ᠲᠦᠷᠭᠡᠨ ᠪᠠᠶᠢᠭᠤᠯᠵᠤ᠂ ᠨᠡᠩ ᠤᠯᠠᠨ ᠲᠣᠮᠣ ᠤᠯᠤᠰ ᠤᠨ ᠤᠷᠠᠨ ᠳᠠᠷᠬᠠᠨ ᠪᠠ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠬᠥᠮᠥᠵᠢᠭᠦᠯᠬᠦ ᠭᠡᠷᠡᠭᠲᠡᠢ︔ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠯᠮᠦᠷᠢᠴᠢᠳ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠬᠥᠮᠥᠨ ᠠᠮᠠ ᠶᠢᠨ ᠠᠰᠢᠭ︾ ᠢ ︽ᠴᠢᠳᠠᠪᠤᠷᠢᠲᠠᠨ ᠤ ᠠᠰᠢᠭ︾ ᠲᠡᠶᠢᠰᠢ ᠳᠡᠭᠡᠭᠰᠢᠯᠡᠭᠦᠯᠭᠦ ᠶᠢ ᠪᠡᠶᠡᠯᠡᠭᠦᠯᠬᠦ ᠶᠢ ᠠᠬᠢᠭᠤᠯᠵᠤ᠂ ᠮᠠᠨ ᠤ ᠤᠯᠤᠰ ᠤᠨ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠳᠡᠢ︔ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠦᠨ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠳᠡᠭ ᠢ ᠪᠢᠳᠡᠨ ᠳᠤ ᠱᠠᠭᠠᠷᠳᠠᠵᠤ ᠪᠠᠶᠢᠨ᠎ᠠ᠃      ᠶᠡᠭᠡ ᠶᠣᠰᠣ ᠶᠢ ᠲᠦᠭᠦᠮ ᠠᠪᠰᠠᠷ ᠶᠠᠷᠢᠵᠤ᠂ ᠪᠣᠳᠠᠲᠠᠢ ᠠᠵᠢᠯᠯᠠᠬᠤ ᠨᠢ ᠮᠠᠰᠢ ᠴᠢᠬᠤᠯᠠ᠃ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠬᠥᠮᠥᠨ ᠪᠦᠭᠦᠨ ᠭᠤᠣᠯ ᠲᠣᠭᠯᠠᠭᠴᠢ ᠮᠥᠨ︾᠃ ᠰᠢᠷᠭᠠᠭᠤ ᠭᠦᠳᠡᠯᠮᠦᠷᠢ ᠵᠢᠳᠬᠦᠯ ᠪᠦᠷᠢ ᠨᠢ ᠴᠥᠮ ᠴᠤᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠬᠦᠴᠦᠲᠦ ᠤᠷᠤᠰᠬᠠᠯ ᠲᠠᠢ ᠨᠡᠶᠢᠯᠡᠵᠦ᠂ ᠤᠷᠤᠭᠰᠢᠯᠠᠯᠲᠠ ᠶᠢᠨ ᠠᠯᠬᠤᠮ ᠪᠦᠷᠢ ᠨᠢ ᠴᠥᠮ ᠬᠤᠷᠢᠭᠯᠠᠭᠳᠠᠰᠢ ᠦᠭᠡᠢ ᠬᠥᠭᠵᠢᠯᠲᠡ ᠶᠢᠨ ᠪᠠᠶᠢᠳᠠᠯ ᠪᠣᠯᠣᠨ ᠬᠤᠷᠠᠮᠳᠤᠬᠤ ᠪᠣᠯᠣᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠠᠴᠠ ᠰᠤᠷᠤᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠵᠤ ᠪᠡᠷᠬᠡ ᠶᠢ ᠳᠠᠪᠠᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠭᠦᠳᠡᠯᠮᠦᠷᠢ ᠶᠢᠨ ᠴᠤᠭ ᠵᠢᠪᠬᠤᠭ᠎ᠠ ᠶᠢ ᠪᠢᠴᠢᠭᠯᠡᠨ᠂ ᠴᠠᠭ ᠦᠶ᠎ᠡ ᠶᠢᠨ ᠢᠷᠠᠭᠤ ᠠᠯᠳᠠᠷ ᠢ ᠡᠭᠦᠳᠦᠶ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ