ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠠᠨ ᠮᠠᠯᠵᠢᠯ ᠤᠨ ᠲᠤᠰᠬᠠᠢ ᠬᠤᠷᠰᠢᠶᠠᠵᠢᠯ ᠪᠠᠢᠭᠤᠯᠤᠭᠳᠠᠪᠠ
ᠨᠡᠶᠢᠲᠡᠯᠡᠭᠰᠡᠨ ᠴᠠᠭ᠄
2025/4/29
      4 ᠰᠠᠷ᠎ᠠ ᠶᠢᠨ 28 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠠᠨ ᠮᠠᠯᠵᠢᠯ ᠤᠨ ᠲᠤᠰᠬᠠᠢ ᠬᠤᠷᠰᠢᠶᠠᠵᠢᠯ ᠪᠠᠶᠢᠭᠤᠯᠤᠭᠳᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠬᠠᠶ ᠯᠢᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠦ᠋ ᠵᠢᠶᠠᠩ ᠬᠤᠩ ᠣᠷᠣᠯᠴᠠᠪᠠ᠃
4.29合作社.jpg
      ᠬᠤᠷᠠᠯ ᠠᠴᠠ᠂ ︽ᠪᠠᠶᠠᠨ ᠮᠠᠯᠵᠢᠯ ᠤᠨ ᠲᠤᠰᠬᠠᠢ ᠬᠤᠷᠰᠢᠶᠠᠵᠢᠯ ᠤᠨ ᠲᠦᠷᠢᠮ︾᠂ ᠰᠣᠩᠭᠤᠭᠤᠯᠢ ᠶᠢᠨ ᠠᠷᠭ᠎ᠠ ᠶᠢ ᠪᠠᠲᠤᠯᠠᠪᠠ᠃ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ ᠪᠠ ᠭᠦᠢᠴᠡᠳᠬᠡᠬᠦ ᠬᠡᠷᠡᠭ ᠬᠢᠨᠠᠭᠴᠢ ᠶᠢᠨ ᠪᠦᠷᠢᠯᠳᠦᠬᠦᠨ ᠢ ᠰᠣᠩᠭᠤᠨ ᠭᠠᠷᠭᠠᠪᠠ᠃      ᠣᠶᠢᠯᠠᠭᠠᠭᠰᠠᠨ ᠢᠶᠠᠷ᠂ ᠬᠤᠷᠰᠢᠶᠠᠵᠢᠯ ᠪᠠᠶᠢᠭᠤᠯᠤᠭᠳᠠᠭᠰᠠᠨ ᠤ ᠳᠠᠷᠠᠭ᠎ᠠ᠂ ᠮᠡᠷᠭᠡᠵᠢᠯ ᠤᠨ ᠪᠠᠷᠢᠮᠵᠢᠶ᠎ᠠ᠂ ᠨᠠᠷᠠᠲᠤ ᠲᠡᠮᠳᠡᠭᠲᠦ ᠶᠢᠨ ᠡᠵᠡᠩᠨᠡᠯᠲᠡ᠂ ᠵᠠᠬ᠎ᠠ ᠳᠡᠯᠭᠡᠭᠦᠷ ᠢ ᠨᠢᠭᠡᠳᠦᠯᠲᠡᠶ ᠵᠣᠯᠭᠠᠭᠤᠯᠬᠤ ᠪᠠᠷ ᠳᠠᠮᠵᠢᠭᠤᠯᠤᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠬᠡᠪᠴᠢᠶᠡᠵᠢᠭᠦᠯᠦᠨ ᠠᠰᠢᠭᠯᠠᠬᠤ ᠶᠢ ᠦᠨᠡᠨᠬᠦ ᠪᠡᠶᠡᠯᠡᠭᠦᠯᠵᠦ᠂ ᠲᠦᠷᠢᠮ ᠤᠨ ᠲᠠᠯ᠎ᠠ ᠠᠴᠠ ᠨᠤᠲᠤᠭ ᠪᠡᠯᠴᠢᠭᠡᠷ ᠤᠨ ᠳᠠᠭᠠᠭᠠᠴᠠ ᠪᠠ ᠲᠡᠵᠢᠭᠡᠨ ᠦᠷᠡᠵᠢᠭᠦᠯᠬᠦ ᠬᠡᠪᠴᠢᠶ᠎ᠡ ᠶᠢᠨ ᠬᠥᠳᠡᠯᠦᠩᠭᠦᠶ ᠲᠡᠩᠴᠡᠭᠦᠷᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ ᠢᠷᠡᠭᠡᠳᠦᠢ ᠳᠤ᠂ ᠬᠤᠷᠰᠢᠶᠠᠵᠢᠯ ᠨᠡᠩ ᠤᠯᠠᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠮᠢ ᠠᠬᠤᠢ ᠨᠡᠩ ᠰᠢᠯᠢᠳᠡᠭ᠂ ᠠᠵᠤ ᠦᠢᠯᠡᠰ ᠨᠡᠩ ᠴᠢᠩᠭ᠎ᠠ᠂ ᠮᠠᠯᠴᠢᠳ ᠨᠡᠩ ᠪᠠᠶᠠᠨ ᠴᠢᠨᠡᠭᠡᠯᠢᠭ ᠠᠮᠢᠳᠤᠯᠢᠭ ᠦᠢᠯᠡᠳᠦᠯᠭᠡ ᠪᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ