ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽5.1︾ ᠤ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/29
      ︽5.1︾ ᠤ ᠠᠮᠠᠷᠠᠯᠲᠠ ᠶᠢᠨ ᠡᠳᠦᠷ ᠠᠴᠠ ᠡᠮᠦᠨᠡᠬᠢ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠷᠡᠭᠦᠯ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠬᠢ ᠳᠠᠭᠠᠨ ᠰᠠᠭᠤᠷᠢᠯᠠᠨ᠂ ᠢᠳᠡᠪᠬᠢᠲᠡᠶ ᠬᠦᠳᠡᠯᠦᠯᠴᠡᠨ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠡᠷ ᠤᠨ ᠭᠠᠳᠠᠨᠠᠬᠢ ᠵᠠᠷ ᠮᠡᠳᠡᠭᠡ ᠶᠢᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ︽5.1︾ ᠤ ᠬᠤᠭᠤᠴᠠᠭᠠᠨ ᠳᠠᠬᠢ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
4.29市场1.jpg
      ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠭᠤᠤᠯᠳᠠᠭᠤ ᠬᠤᠶᠠᠷ ᠲᠠᠯ᠎ᠠ ᠠᠴᠠ ᠭᠠᠷᠳᠠᠵᠤ᠂ ᠬᠡᠷ ᠤᠨ ᠭᠠᠳᠠᠨᠠᠬᠢ ᠲᠠᠯᠠᠪᠤᠷ ᠭᠠᠵᠠᠷ᠂ ᠣᠷᠣᠨ ᠵᠠᠶ᠂ ᠲᠦᠬᠦᠭᠡᠷᠦᠮᠵᠢ ᠶᠢ ᠠᠰᠢᠭᠯᠠᠨ ᠨᠡᠶᠢᠲᠡᠯᠡᠵᠦ᠂ ᠳᠡᠯᠭᠡᠨ ᠦᠵᠡᠭᠦᠯᠬᠦ ᠫᠠᠶᠢᠰᠠ᠂ ᠡᠯᠧᠺᠲᠷᠣᠨ ᠳᠡᠯᠭᠡᠴᠡ᠂ ᠳ᠋ᠧᠩ ᠤᠨ ᠬᠠᠶᠢᠷᠴᠠᠭ ᠵᠡᠷᠭᠡ ᠪᠠᠷ ᠠᠴᠢᠶᠠᠯᠠᠪᠤᠷᠢ ᠪᠣᠯᠭᠠᠭᠰᠠᠨ ᠬᠡᠷ ᠤᠨ ᠭᠠᠳᠠᠨᠠᠬᠢ ᠵᠠᠷ ᠮᠡᠳᠡᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠵᠠᠮ ᠬᠠᠷᠢᠯᠴᠠᠭᠠᠨ ᠤ ᠪᠠᠭᠠᠵᠢ᠂ ᠪᠠᠷᠢᠯᠭ᠎ᠠ ᠳᠡᠭᠡᠷ᠎ᠡ ᠨᠠᠭᠠᠭᠰᠠᠨ᠂ ᠡᠯᠭᠦᠭᠰᠡᠨ ᠬᠡᠷ ᠤᠨ ᠭᠠᠳᠠᠨᠠᠬᠢ ᠵᠠᠷ ᠮᠡᠳᠡᠭᠡ ᠪᠠ ᠬᠤᠳᠠᠯᠳᠤᠭᠠᠨ ᠤ ᠵᠡᠭᠡᠯᠢ ᠲᠣᠭᠤᠷᠢᠭ᠂ ᠬᠤᠲᠠ ᠪᠠᠯᠭᠠᠰᠤᠨ ᠤ ᠭᠤᠤᠯ ᠵᠠᠮ ᠵᠡᠷᠭᠡ ᠴᠢᠬᠤᠯᠠ ᠵᠠᠮ ᠤᠨ ᠬᠡᠰᠡᠭ ᠢ ᠠᠰᠢᠭᠯᠠᠨ ᠨᠡᠶᠢᠲᠡᠯᠡᠭᠰᠡᠨ ᠬᠡᠷ ᠤᠨ ᠭᠠᠳᠠᠨᠠᠬᠢ ᠵᠠᠷ ᠮᠡᠳᠡᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠨᠢᠭᠡ ᠲᠠᠯ᠎ᠠ ᠪᠠᠷ᠂ ᠵᠠᠷ ᠮᠡᠳᠡᠭᠡᠨ ᠤ ᠡᠵᠡᠩᠨᠡᠯᠲᠡ ᠶᠢᠨ ᠥᠮᠴᠢᠲᠡᠨ ᠢ ᠴᠢᠩᠭ᠎ᠠ ᠵᠢᠷᠤᠮᠵᠢᠭᠤᠯᠪᠠ᠃ ᠲᠤᠰᠬᠠᠶ ᠠᠵᠢᠯᠯᠠᠭ᠎ᠠ ᠨᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠭᠠᠷᠳᠠᠴᠠ ᠪᠣᠯᠭᠠᠵᠤ᠂ ᠵᠠᠷ ᠦᠢᠯᠡᠳᠦᠭᠴᠢ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡᠨ ᠤ ᠬᠠᠤᠯᠢ︾ ᠶᠢ ᠴᠢᠩᠭ᠎ᠠ ᠵᠢᠷᠤᠮᠯᠠᠨ᠂ ᠵᠠᠷ ᠮᠡᠳᠡᠭᠡ ᠨᠡᠶᠢᠲᠡᠯᠡᠬᠦ ᠠᠩᠬᠠᠨ ᠤ ︽ᠡᠭᠦᠳᠡ ᠰᠠᠬᠢᠭᠴᠢ︾᠂ ᠢᠯᠠᠩᠭᠤᠶ᠎ᠠ ᠴᠠᠭᠠᠵᠠᠯᠠᠬᠤ ᠴᠢᠨᠠᠷᠲᠠᠶ ᠵᠠᠷ ᠮᠡᠳᠡᠭᠡ᠂ ᠬᠤᠳᠠᠯ ᠬᠠᠭᠤᠷᠮᠠᠭ ᠵᠠᠷ ᠮᠡᠳᠡᠭᠡ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠥᠬᠡᠶ ᠡᠮᠴᠢᠯᠡᠭᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠲᠠᠷᠢᠶᠠᠨ ᠡᠮ᠂ ᠮᠠᠯ ᠤᠨ ᠡᠮ ᠪᠠ ᠡᠷᠡᠭᠦᠯᠵᠢᠯ ᠤᠨ ᠢᠳᠡᠭᠡᠨ ᠤ ᠵᠠᠷ ᠮᠡᠳᠡᠭᠡ ᠶᠢ ᠦᠢᠯᠡᠳᠴᠦ ᠨᠡᠶᠢᠲᠡᠯᠡᠵᠦ ᠪᠣᠯᠬᠤ ᠥᠬᠡᠶ︔ ᠡᠭᠦᠨ ᠤ ᠬᠠᠮᠲᠤ᠂ ᠡᠵᠡᠩᠨᠡᠭᠴᠢᠳ ᠲᠠᠢ ︽ᠵᠠᠷ ᠮᠡᠳᠡᠭᠡᠨ ᠤ ᠡᠵᠡᠩᠨᠡᠯᠲᠡ ᠶᠢᠨ ᠠᠮᠠᠯᠠᠯᠲᠠ ᠶᠢᠨ ᠪᠢᠴᠢᠭ︾ ᠲᠣᠭᠲᠠᠵᠤ᠂ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠬᠠᠤᠯᠢ ᠶᠢ ᠮᠡᠳᠡᠬᠦ᠂ ᠬᠠᠤᠯᠢ ᠶᠢ ᠤᠶᠢᠯᠠᠭᠠᠬᠤ᠂ ᠬᠠᠤᠯᠢ ᠶᠢ ᠵᠢᠷᠤᠮᠯᠠᠭᠤᠯᠬᠤ ᠬᠡᠷᠡᠭᠲᠡᠶ ᠭᠡᠵᠦ ᠱᠠᠭᠠᠷᠳᠠᠪᠠ᠃ ᠨᠥᠭᠦᠭᠡ ᠲᠠᠯ᠎ᠠ ᠪᠠᠷ᠂ ᠨᠢᠭᠡᠨᠲᠡ ᠨᠡᠶᠢᠲᠡᠯᠡᠭᠰᠡᠨ ᠡᠯ᠎ᠡ ᠲᠥᠷᠥᠯ ᠤᠨ ᠵᠠᠷ ᠮᠡᠳᠡᠭᠡ ᠶᠢ ᠪᠦᠬᠦ ᠲᠠᠯ᠎ᠠ ᠪᠠᠷ ᠪᠠᠶᠢᠴᠠᠭᠠᠪᠠ᠃ ᠤᠳᠤᠷᠢᠳᠤᠮᠵᠢ ᠶᠢᠨ ᠠᠰᠠᠭᠤᠳᠠᠯ᠂ ᠤᠯᠤᠰ ᠲᠥᠷᠥ ᠶᠢᠨ ᠰᠡᠷᠭᠡᠭ ᠴᠢᠨᠠᠷ ᠤᠨ ᠠᠰᠠᠭᠤᠳᠠᠯ ᠵᠢᠴᠢ ᠤᠯᠤᠰ ᠤᠨ ᠨᠡᠷ᠎ᠡ ᠬᠦᠨᠳᠦ ᠪᠠ ᠠᠰᠢᠭ ᠲᠤᠰᠠ ᠶᠢ ᠬᠤᠬᠢᠷᠠᠭᠤᠯᠤᠭᠰᠠᠨ ᠭᠡᠷ ᠤᠨ ᠭᠠᠳᠠᠨᠠᠬᠢ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ︔ ᠵᠠᠷ ᠤᠨ ᠠᠭᠤᠯᠭ᠎ᠠ ᠪᠣᠯᠬᠢ ᠪᠦᠳᠦᠭᠦᠯᠢᠭ᠂ ᠹᠧᠣᠳᠠᠯ ᠤᠨ ᠮᠤᠬᠤᠷ ᠪᠢᠰᠢᠷᠡᠯ ᠵᠢᠴᠢ ᠰᠢᠷ᠎ᠠ ᠥᠩᠭᠡ ᠶᠢᠨ ᠮᠡᠳᠡᠭᠡ ᠵᠠᠩᠭᠢ ᠲᠠᠢ ᠵᠡᠷᠭᠡ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠲᠠᠢ ᠠᠭᠤᠯᠭ᠎ᠠ ᠪᠠᠶᠢᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠶᠠᠭᠠᠬᠢᠭᠰᠠᠨ ᠴᠤ ᠣᠷᠣᠬᠤ ᠦᠭᠡᠢ ᠪᠠᠶᠢᠭ᠎ᠠ ᠭᠡᠷ ᠤᠨ ᠭᠠᠳᠠᠨᠠᠬᠢ ᠵᠠᠷ ᠮᠡᠳᠡᠭᠡ ᠶᠢ ᠣᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠯᠭ᠎ᠠ ᠬᠢᠭᠰᠡᠨ ᠲᠥᠪᠯᠡᠷᠡᠯ ᠤᠨ ᠡᠮᠴᠢᠯᠡᠭᠡ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠭᠡᠷ ᠪᠠᠶᠢᠰᠢᠩ ᠭᠠᠵᠠᠷ ᠬᠥᠷᠥᠩᠭᠡ᠂ ᠬᠥᠮᠦᠵᠢᠯ ᠪᠣᠯᠪᠠᠰᠤᠷᠠᠯ ᠵᠡᠷᠭᠡ ᠬᠦᠷᠢᠶᠡᠨ ᠳᠠᠬᠢ ᠬᠦᠨᠳᠦ ᠨᠣᠴᠢᠲᠠᠶ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢᠨ ᠦᠢᠯᠡ ᠠᠵᠢᠯᠯᠠᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠠᠴᠠ ᠵᠥᠷᠢᠴᠡᠭᠰᠡᠨ ᠪᠤᠰᠤᠳ ᠬᠡᠷ ᠤᠨ ᠭᠠᠳᠠᠨᠠᠬᠢ ᠵᠠᠷ ᠮᠡᠳᠡᠭᠡ ᠨᠡᠶᠢᠲᠡᠯᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃
4.29市场2.jpg
      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ 42 ᠬᠥᠮᠦᠨ ᠤᠳᠠᠭ᠎ᠠ ᠬᠥᠳᠡᠯᠭᠡᠵᠦ᠂ ᠬᠠᠮᠢᠶ᠎ᠠ ᠪᠥᠬᠦᠶ ᠡᠵᠡᠩᠨᠡᠯᠲᠡ ᠶᠢᠨ ᠡᠷᠦᠬᠡ ᠶᠢ 14 ᠡᠷᠦᠬᠡ ᠤᠳᠠᠭ᠎ᠠ ᠪᠠᠶᠢᠴᠠᠭᠠᠵᠤ᠂ ︽ᠵᠠᠷ ᠮᠡᠳᠡᠭᠡᠨ ᠤ ᠡᠵᠡᠩᠨᠡᠯᠲᠡ ᠶᠢᠨ ᠠᠮᠠᠯᠠᠯᠲᠠ ᠶᠢᠨ ᠪᠢᠴᠢᠭ︾ ᠲᠤ 8 ᠬᠤᠪᠢ ᠭᠠᠷ ᠤᠨ ᠥᠰᠥᠭ ᠵᠢᠷᠤᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠵᠠᠷ ᠮᠡᠳᠡᠭᠡ ᠶᠢ ᠬᠢᠨᠠᠨ ᠬᠡᠮᠵᠢᠬᠦ᠂ ᠡᠳᠦᠷ ᠲᠤᠲᠤᠮ ᠤᠨ ᠪᠠᠶᠢᠴᠠᠭᠠᠯᠲᠠ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠵᠠᠷ ᠮᠡᠳᠡᠭᠡ ᠶᠢᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠵᠠᠳᠠᠯᠤᠨ ᠰᠤᠳᠤᠯᠵᠤ ᠮᠠᠭᠠᠳᠯᠠᠵᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ