ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/29
      ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠪᠠ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠤᠨ ᠨᠠᠩ ᠰᠠᠶᠢᠨ ᠥᠷᠨᠢᠬᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠰᠡᠭᠡᠭᠡᠲᠡᠨ ᠠᠭᠤᠳᠠᠮ ᠲᠠᠯᠠᠪᠠᠶ ᠳᠤ 2025 ᠣᠨ ᠤ ︽ᠳᠤᠮᠳᠠᠳᠤ ᠤᠯᠤᠰ ᠤᠨ ᠵᠢᠭᠠᠰᠤᠨ ᠤ ᠶᠠᠪᠤᠳᠠᠯ ᠤᠨ ᠬᠤᠷᠴᠠ ᠰᠡᠯᠡᠮ᠎ᠡ︾ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠬᠡᠷᠦᠯᠦᠨ ᠭᠤᠤᠯ ᠳᠤ ᠭᠦᠨᠵᠡᠭᠡᠶᠢᠷᠡᠨ ᠭᠤᠤᠯ ᠨᠠᠭᠤᠷ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃
4.29农牧执法1.png
      ᠬᠠᠤᠯᠢ ᠬᠡᠷᠡᠭᠵᠢᠭᠦᠯᠬᠦ ᠠᠵᠢᠯᠲᠠᠨ ᠰᠡᠭᠡᠭᠡᠲᠡᠨ ᠠᠭᠤᠳᠠᠮ ᠲᠠᠯᠠᠪᠠᠶ᠂ ᠶᠢᠨ ᠵᠢᠶᠧ ᠵᠠᠬ᠎ᠠ ᠳᠡᠯᠭᠡᠭᠦᠷ᠂ ᠳᠤᠮᠳᠠᠳᠤ ᠣᠷᠣᠰ ᠮᠣᠩᠭᠤᠯ ᠤᠨ ᠬᠤᠳᠠᠯᠳᠤᠭᠠᠨ ᠤ ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠵᠡᠭᠦᠨ ᠰᠦᠮ᠎ᠡ᠂ ᠪᠠᠶᠠᠨᠳᠡᠷᠡᠰᠦ ᠵᠡᠷᠭᠡ ᠬᠥᠮᠦᠨ ᠬᠠᠷ᠎ᠠ ᠨᠡᠯᠢᠶᠡᠳ ᠶᠡᠭᠡ ᠲᠠᠯᠠᠪᠤᠷ ᠲᠤ ᠭᠦᠨᠵᠡᠭᠡᠶᠢᠷᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠦᠢᠯᠡᠰ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽2025 ᠣᠨ ᠤ ᠵᠢᠭᠠᠰᠤᠨ ᠠᠵᠤ ᠠᠬᠤᠶ ᠶᠢᠨ ᠬᠤᠷᠢᠭ᠎ᠠ ᠲᠠᠢ ᠭᠠᠵᠠᠷ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠷᠯᠠᠯ︾ ᠢ 120 ᠭᠠᠷᠤᠶ ᠬᠤᠪᠢ ᠲᠠᠷᠬᠠᠭᠠᠵᠤ᠂ ᠵᠢᠭᠠᠰᠤ ᠴᠠᠭᠠᠵᠠᠯᠠᠬᠤ ᠵᠠᠷᠯᠠᠯ 20 ᠭᠠᠷᠤᠶ ᠨᠠᠭᠠᠪᠠ᠃ ᠤᠬᠠᠭᠤᠯᠭ᠎ᠠ ᠶᠢᠨ ᠵᠠᠮ ᠵᠠᠭᠤᠷ᠎ᠠ ᠪᠠᠨ ᠬᠡᠷᠦᠯᠦᠨ ᠭᠤᠣᠯ ᠳᠠᠭᠠᠤ ᠬᠠᠷᠢᠶ᠎ᠠ ᠣᠷᠣᠨ ᠤ ᠤᠰᠤᠨ ᠣᠷᠣᠨ ᠤ ᠪᠠᠶᠢᠳᠠᠯ ᠢ ᠨᠠᠷᠢᠨ ᠪᠠᠶᠢᠴᠠᠭᠠᠵᠤ᠂ ᠴᠠᠭᠠᠵᠠᠯᠠᠯ ᠠᠴᠠ ᠵᠥᠷᠢᠴᠡᠭᠰᠡᠨ ᠵᠢᠭᠠᠰᠤ ᠠᠩᠨᠠᠬᠤ ᠪᠠᠭᠠᠵᠢ ᠵᠢᠴᠢ ᠬᠠᠤᠯᠢ ᠪᠤᠰᠤ ᠪᠠᠷ ᠠᠩᠨᠠᠵᠤ ᠱᠦᠭᠦᠬᠦ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠲᠣᠭᠤᠷᠢᠨ ᠪᠠᠶᠢᠴᠠᠭᠠᠪᠠ᠃
4.29农牧执法2.png
      ᠡᠨᠡ ᠵᠢᠯ ᠮᠠᠨ ᠤ ᠬᠤᠰᠢᠭᠤᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 5 ᠰᠠᠷ᠎ᠠ ᠶᠢᠨ 1 ᠤ ᠡᠳᠦᠷ ᠤᠨ 0 ᠴᠠᠭ ᠠᠴᠠ 7 ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠂ᠣᠷᠱᠤᠨ ᠭᠤᠤᠯ᠂ ᠬᠡᠷᠦᠯᠦᠨ ᠭᠤᠤᠯ᠂ ᠬᠥᠯᠥᠨ ᠨᠠᠭᠤᠷ ᠵᠡᠷᠭᠡ ᠪᠠᠶᠢᠭᠠᠯᠢ ᠶᠢᠨ ᠤᠰᠤᠨ ᠣᠷᠣᠨ ᠳᠤ ᠵᠢᠭᠠᠰᠤ ᠠᠩᠨᠠᠬᠤ ᠲᠥᠷᠥᠯ ᠤᠨ ᠥᠨᠳᠡᠭᠡᠯᠡᠬᠦ ᠲᠠᠯᠠᠪᠤᠷ ᠪᠠ ᠭᠤᠤᠯ ᠤᠨ ᠵᠠᠮ ᠢ ᠤᠳᠠᠭᠠᠨ ᠵᠢᠯ ᠤᠨ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢᠶᠠᠷ ᠲᠣᠭᠲᠠᠭᠠᠪᠠ᠃ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠤᠨ ᠪᠠᠶᠢᠩᠭᠤᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠬᠠᠤᠯᠢ ᠪᠤᠰᠤ ᠪᠠᠷ ᠵᠢᠭᠠᠰᠤ ᠠᠩᠨᠠᠬᠤ ᠪᠣᠳᠠᠰ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠤᠨ ᠦᠷᠭᠦᠯᠵᠢᠯᠡᠨ ᠬᠥᠭᠵᠢᠬᠦ ᠪᠠ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ