ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠲᠠᠷᠬᠠᠭᠠᠭᠰᠠᠨ ﹇2017﹈ 174 ᠳ᠋ᠦ᠋ᠭᠡᠷ ᠲᠣᠭᠠᠲᠤ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠥᠰᠥᠭ ﹇2021﹈ 92 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2025/4/29
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ               ᠥᠪᠥᠷ ᠵᠠᠰᠠᠭ ᠦᠰᠦᠭ ﹇2025﹈ 30 ᠳ᠋ᠤᠭᠠᠷ ᠲᠣᠭᠠᠲᠤ      ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠲᠠᠷᠬᠠᠭᠠᠭᠰᠠᠨ ﹇2017﹈ 174 ᠳ᠋ᠦ᠋ᠭᠡᠷ ᠲᠣᠭᠠᠲᠤ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠥᠰᠥᠭ ﹇2021﹈ 92 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠵᠦ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤ ᠰᠢᠯᠵᠢᠯᠲᠡ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠴᠢᠯᠡᠭᠰᠡᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 174 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠠᠵᠢᠯᠯᠠᠬᠤ ᠶᠢ ᠵᠣᠷᠢᠭᠵᠢᠭᠤᠯᠤᠨ ᠱᠠᠩᠨᠠᠵᠤ ᠨᠥᠬᠦᠪᠦᠷᠢᠯᠡᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ︶᠂ ︽ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 92 ᠳ᠋ᠤᠭᠠᠷ ᠲᠣᠭᠠᠲᠤ︶ ᠵᠡᠷᠭᠡ 4 ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠪᠠ᠃  ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠠᠭ ᠲᠤᠬᠠᠢ ᠳᠤ ᠨᠢ ᠢᠯᠭᠠᠷᠠᠭᠤᠯᠤᠨ ᠴᠡᠪᠡᠷᠯᠡᠵᠦ᠂ ᠲᠦᠷᠦ ᠶᠢᠨ ᠪᠣᠳᠣᠯᠭ᠎ᠠ ᠶᠢᠨ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃                      2025 ᠣᠨ ᠤ 3 ᠳ᠋ᠤᠭᠠᠷ ᠰᠠᠷ᠎ᠠ ᠶᠢᠨ 1 ᠤ ᠡᠳᠦᠷ  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ