ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠪᠠ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠵᠢᠭᠠᠰᠤ | ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠤᠨ ᠨᠠᠩ ᠰᠠᠶᠢᠨ ᠥᠷᠨᠢᠬᠦ ᠶᠢ ᠪᠠᠲᠤᠯᠠᠬᠤ ᠶᠢᠨ ᠲᠥᠯᠥᠭᠡ᠂ 4 | ᠰᠠᠷ᠎ᠠ ᠶᠢᠨ 28 ᠤ ᠡᠳᠦᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | ᠰᠡᠭᠡᠭᠡᠲᠡᠨ ᠠᠭᠤᠳᠠᠮ ᠲᠠᠯᠠᠪᠠᠶ ᠳᠤ 2025 ᠣᠨ ᠤ ︽ᠳᠤᠮᠳᠠᠳᠤ ᠤᠯᠤᠰ ᠤᠨ ᠵᠢᠭᠠᠰᠤᠨ ᠤ ᠶᠠᠪᠤᠳᠠᠯ ᠤᠨ ᠬᠤᠷᠴᠠ ᠰᠡᠯᠡᠮ᠎ᠡ︾ ᠲᠤᠰᠬᠠᠶ ᠬᠠᠤᠯᠢ ᠬᠡᠷᠡᠭᠵᠢᠭᠦᠯᠬᠦ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠬᠡᠷᠦᠯᠦᠨ ᠭᠤᠤᠯ ᠳᠤ ᠭᠦᠨᠵᠡᠭᠡᠶᠢᠷᠡᠨ ᠭᠤᠤᠯ | ᠨᠠᠭᠤᠷ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃ | | | | ᠬᠠᠤᠯᠢ ᠬᠡᠷᠡᠭᠵᠢᠭᠦᠯᠬᠦ ᠠᠵᠢᠯᠲᠠᠨ ᠰᠡᠭᠡᠭᠡᠲᠡᠨ ᠠᠭᠤᠳᠠᠮ ᠲᠠᠯᠠᠪᠠᠶ᠂ ᠶᠢᠨ ᠵᠢᠶᠧ ᠵᠠᠬ᠎ᠠ ᠳᠡᠯᠭᠡᠭᠦᠷ᠂ ᠳᠤᠮᠳᠠᠳᠤ ᠣᠷᠣᠰ ᠮᠣᠩᠭᠤᠯ ᠤᠨ ᠬᠤᠳᠠᠯᠳᠤᠭᠠᠨ ᠤ | ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠵᠡᠭᠦᠨ ᠰᠦᠮ᠎ᠡ᠂ ᠪᠠᠶᠠᠨᠳᠡᠷᠡᠰᠦ ᠵᠡᠷᠭᠡ ᠬᠥᠮᠦᠨ ᠬᠠᠷ᠎ᠠ ᠨᠡᠯᠢᠶᠡᠳ ᠶᠡᠭᠡ ᠲᠠᠯᠠᠪᠤᠷ ᠲᠤ ᠭᠦᠨᠵᠡᠭᠡᠶᠢᠷᠡᠵᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠦᠢᠯᠡᠰ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽2025 ᠣᠨ ᠤ ᠵᠢᠭᠠᠰᠤᠨ | ᠠᠵᠤ ᠠᠬᠤᠶ ᠶᠢᠨ ᠬᠤᠷᠢᠭ᠎ᠠ ᠲᠠᠢ ᠭᠠᠵᠠᠷ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠷᠯᠠᠯ︾ | ᠢ 120 ᠭᠠᠷᠤᠶ ᠬᠤᠪᠢ ᠲᠠᠷᠬᠠᠭᠠᠵᠤ᠂ ᠵᠢᠭᠠᠰᠤ ᠴᠠᠭᠠᠵᠠᠯᠠᠬᠤ ᠵᠠᠷᠯᠠᠯ 20 ᠭᠠᠷᠤᠶ ᠨᠠᠭᠠᠪᠠ᠃ ᠤᠬᠠᠭᠤᠯᠭ᠎ᠠ ᠶᠢᠨ ᠵᠠᠮ ᠵᠠᠭᠤᠷ᠎ᠠ ᠪᠠᠨ ᠬᠡᠷᠦᠯᠦᠨ ᠭᠤᠣᠯ ᠳᠠᠭᠠᠤ | ᠬᠠᠷᠢᠶ᠎ᠠ ᠣᠷᠣᠨ ᠤ ᠤᠰᠤᠨ ᠣᠷᠣᠨ ᠤ ᠪᠠᠶᠢᠳᠠᠯ ᠢ ᠨᠠᠷᠢᠨ ᠪᠠᠶᠢᠴᠠᠭᠠᠵᠤ᠂ ᠴᠠᠭᠠᠵᠠᠯᠠᠯ ᠠᠴᠠ ᠵᠥᠷᠢᠴᠡᠭᠰᠡᠨ ᠵᠢᠭᠠᠰᠤ ᠠᠩᠨᠠᠬᠤ ᠪᠠᠭᠠᠵᠢ ᠵᠢᠴᠢ ᠬᠠᠤᠯᠢ ᠪᠤᠰᠤ ᠪᠠᠷ | ᠠᠩᠨᠠᠵᠤ ᠱᠦᠭᠦᠬᠦ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠲᠣᠭᠤᠷᠢᠨ ᠪᠠᠶᠢᠴᠠᠭᠠᠪᠠ᠃ | | | | ᠡᠨᠡ ᠵᠢᠯ ᠮᠠᠨ ᠤ ᠬᠤᠰᠢᠭᠤᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 5 ᠰᠠᠷ᠎ᠠ ᠶᠢᠨ 1 ᠤ ᠡᠳᠦᠷ ᠤᠨ 0 ᠴᠠᠭ ᠠᠴᠠ 7 ᠰᠠᠷ᠎ᠠ ᠶᠢᠨ | 31 ᠤ ᠡᠳᠦᠷ ᠤᠨ 24 ᠴᠠᠭ ᠪᠣᠯᠲᠠᠯ᠎ᠠ᠂ᠣᠷᠱᠤᠨ ᠭᠤᠤᠯ᠂ ᠬᠡᠷᠦᠯᠦᠨ ᠭᠤᠤᠯ᠂ ᠬᠥᠯᠥᠨ ᠨᠠᠭᠤᠷ ᠵᠡᠷᠭᠡ ᠪᠠᠶᠢᠭᠠᠯᠢ ᠶᠢᠨ ᠤᠰᠤᠨ ᠣᠷᠣᠨ ᠳᠤ ᠵᠢᠭᠠᠰᠤ ᠠᠩᠨᠠᠬᠤ | ᠲᠥᠷᠥᠯ ᠤᠨ ᠥᠨᠳᠡᠭᠡᠯᠡᠬᠦ ᠲᠠᠯᠠᠪᠤᠷ ᠪᠠ ᠭᠤᠤᠯ ᠤᠨ ᠵᠠᠮ ᠢ ᠤᠳᠠᠭᠠᠨ ᠵᠢᠯ ᠤᠨ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢᠶᠠᠷ ᠲᠣᠭᠲᠠᠭᠠᠪᠠ᠃ ᠵᠢᠭᠠᠰᠤ | ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠤᠨ | ᠪᠠᠶᠢᠩᠭᠤᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢ | ᠴᠢᠩᠭᠠᠷᠠᠭᠤᠯᠵᠤ᠂ ᠡᠯ᠎ᠡ ᠲᠥᠷᠥᠯ ᠤᠨ ᠬᠠᠤᠯᠢ ᠪᠤᠰᠤ ᠪᠠᠷ ᠵᠢᠭᠠᠰᠤ ᠠᠩᠨᠠᠬᠤ ᠪᠣᠳᠠᠰ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠢᠭᠠᠰᠤᠨ | ᠠᠵᠤ ᠠᠬᠤᠶ ᠶᠢᠨ ᠡᠬᠢ ᠪᠠᠶᠠᠯᠢᠭ ᠤᠨ ᠦᠷᠭᠦᠯᠵᠢᠯᠡᠨ ᠬᠥᠭᠵᠢᠬᠦ ᠪᠠ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠪᠠᠲᠤ ᠪᠠᠬᠢ | ᠪᠠᠲᠤᠯᠠᠭ᠎ᠠ ᠬᠠᠩᠭᠠᠨ᠎ᠠ᠃ | | | | |