︵2009 ᠤᠨ ᠤ 8 ᠰᠠᠷ᠎ᠠ ᠶᠢᠨ 30 ᠤ ᠡᠳᠦᠷ ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠲᠦᠷᠦ ᠶᠢᠨ ᠶᠠᠪᠣᠲᠠᠯ ᠤᠨ ᠬᠤᠷᠢᠶ᠎ᠠ ᠶᠢᠨ | 560 ᠳ᠋ᠤᠭᠠᠷ ᠲᠣᠭᠠᠲᠣ ᠵᠠᠷᠯᠢᠬ ᠢᠶᠠᠷ ᠨᠡᠶᠢᠲᠡᠯᠡᠪᠡ | 2013 ᠤᠨ ᠤ 7 ᠰᠠᠷ᠎ᠠ ᠶᠢᠨ 18 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠢ ᠬᠦᠴᠦᠨ | ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠠᠩᠬ᠎ᠠ ᠣᠲᠠᠭ᠎ᠠ ᠵᠠᠰᠠᠪᠤᠷᠢ ᠣᠷᠣᠭᠤᠯᠪᠠ | 2016 ᠤᠨ ᠤ 2 ᠰᠠᠷ᠎ᠠ ᠶᠢᠨ 6 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠳᠤ ᠵᠠᠰᠠᠪᠤᠷᠢ | ᠤᠷᠤᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠬᠤᠶᠠᠲᠣᠭᠠᠷ ᠣᠲᠠᠭ᠎ᠠ ᠵᠠᠰᠠᠪᠣᠷᠢ ᠣᠷᠣᠭᠤᠯᠪᠠ︶ | | | ᠨᠢᠭᠡᠲᠦᠭᠡᠷ ᠪᠦᠯᠦᠭ ᠶᠡᠷᠦᠩᠭᠡᠢ ᠵᠠᠷᠴᠢᠮ | | ᠨᠢᠭᠡᠲᠦᠭᠡᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ ᠶᠢ ᠠᠬᠢᠭᠤᠯᠣᠨ᠂ ᠠᠷᠠᠳ ᠢᠷᠭᠡᠳ ᠤᠨ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠲᠣᠮᠲᠠᠬᠢ ᠬᠠᠣᠯᠢ ᠶᠣᠰᠣᠨ ᠤ ᠡᠷᠭᠡ ᠠᠰᠢᠬ ᠢ ᠪᠠᠲᠣᠯᠠᠨ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ | ᠲᠡᠭᠡᠭᠰᠢᠯᠡᠬᠦᠯᠬᠦ ᠶᠢᠨ ᠲᠦᠯᠦᠭᠡ ᠡᠨᠡᠬᠦ ᠲᠦᠷᠢᠮ ᠢ ᠲᠣᠬᠲᠠᠭᠠᠪᠠ᠃ | ᠬᠤᠶᠠᠲᠣᠭᠠᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠦᠢᠯᠡᠰ ᠢ ᠲᠣᠰ ᠱᠠᠲᠣᠨ ᠤ ᠣᠯᠣᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠣᠷᠣᠭᠤᠯᠵᠦ᠂ | ᠲᠦᠯᠦᠪᠯᠡᠭᠡ ᠲᠠᠢ ᠪᠠᠷ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠶᠢᠭᠤᠯᠣᠨ᠂ ᠬᠦᠲᠡᠭᠡ ᠲᠣᠰᠬᠤᠨ ᠪᠠ ᠬᠤᠲᠠ ᠶᠢᠨ ᠨᠡᠶᠢᠭᠡᠮ ᠲᠣᠭᠤᠷᠢᠬ | ᠵᠡᠷᠭᠡ ᠦᠨᠳᠦᠰᠦᠨ ᠱᠠᠲᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠪᠠᠨ ᠨᠡᠮᠡᠭᠲᠡᠬᠦᠯᠵᠦ᠂ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠤᠨ ᠲᠡᠩᠴᠡᠬᠦᠷᠢᠲᠡᠢ ᠵᠣᠬᠢᠴᠠᠩᠭᠤᠢ ᠬᠦᠭᠵᠢᠬᠦ ᠶᠢ ᠠᠬᠢᠭᠤᠯᠬᠤ ᠬᠡᠷᠡᠭᠲᠡᠢ᠃ | ᠣᠯᠣᠰ ᠠᠴᠠ ᠠᠷᠠᠳ ᠣᠯᠠᠨ ᠤ ᠠᠮᠢᠲᠣᠷᠠᠯ ᠤᠨ ᠲᠦᠪᠰᠢᠨ ᠲᠠᠢ ᠲᠣᠬᠢᠷᠠᠯᠴᠠᠬᠰᠠᠨ ᠪᠡᠶ᠎ᠡ ᠶᠢᠨ ᠲᠠᠮᠢᠷ ᠤᠨ ᠬᠡᠷᠡᠭᠯᠡᠭᠡ ᠵᠢᠴᠢ ᠪᠡᠶ᠎ᠡ ᠶᠢᠨ ᠲᠠᠮᠢᠷ ᠤᠨ ᠠᠵᠦ | ᠦᠢᠯᠡᠰ ᠤᠨ ᠬᠦᠭᠵᠢᠯᠲᠡ ᠶᠢ ᠲᠡᠮᠵᠢᠵᠦ ᠵᠣᠷᠢᠬᠵᠢᠭᠤᠯᠣᠨ ᠠᠬᠢᠭᠤᠯᠣᠨ᠎ᠠ᠃ | ᠭᠤᠷᠪᠠᠲᠣᠭᠠᠷ ᠵᠣᠷᠪᠣᠰ ᠣᠯᠣᠰ ᠠᠴᠠ ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠯᠲᠠ ᠶᠢ | ᠠᠬᠢᠭᠤᠯᠵᠦ᠂ ᠪᠡᠶ᠎ᠡ ᠶᠢᠨ ᠲᠠᠮᠢᠷ ᠤᠨ ᠲᠦᠷᠦᠯ ᠤᠨ ᠨᠡᠶᠢᠭᠡᠮ ᠪᠦᠯᠬᠦᠮ ᠨᠢᠭᠡᠴᠡ᠂ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠦ | ᠠᠬᠤᠶᠢᠯᠠᠯ ᠤᠨ ᠪᠣᠰᠣ ᠨᠢᠭᠡᠴᠡ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ ᠶᠢ ᠵᠣᠷᠢᠬᠵᠢᠭᠤᠯᠣᠨ᠎ᠠ᠃ | ᠲᠦᠷᠪᠡᠲᠦᠭᠡᠷ ᠵᠣᠷᠪᠣᠰ ᠠᠷᠠᠳ ᠢᠷᠭᠡᠳ ᠬᠠᠣᠯᠢ ᠶᠣᠰᠣᠭᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠤ ᠡᠷᠭᠡ ᠲᠠᠢ᠃ | ᠣᠷᠣᠨ ᠨᠣᠲᠤᠬ ᠤᠨ ᠡᠯ᠎ᠡ ᠱᠠᠲᠣᠨ ᠤ ᠠᠷᠠᠳ ᠤᠨ ᠵᠠᠰᠠᠬ ᠤᠨ ᠣᠷᠲᠣᠨ ᠠᠷᠠᠳ ᠢᠷᠭᠡᠳ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠬᠦᠲᠡᠯᠭᠡᠭᠡᠨ ᠳᠤ ᠣᠷᠣᠯᠴᠠᠬᠤ ᠡᠷᠭᠡ ᠶᠢ ᠬᠠᠣᠯᠢ ᠶᠣᠰᠣᠭᠠᠷ ᠬᠠᠮᠠᠭᠠᠯᠠᠬᠤ ᠬᠡᠷᠡᠭᠲᠡᠢ᠃ | ᠲᠠᠪᠣᠲᠣᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠦᠬᠦ ᠣᠯᠣᠰ ᠤᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ ᠬᠠᠷᠢᠭᠤᠴᠠᠵᠦ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠣᠰᠣᠳ ᠬᠤᠯᠪᠣᠬᠲᠠᠯ ᠪᠦᠬᠦᠢ ᠰᠠᠯᠠᠭ᠎ᠠ ᠮᠦᠴᠢᠷ | ᠦᠪᠡᠷ ᠦᠪᠡᠷ ᠤᠨ ᠢᠶᠠᠨ ᠡᠬᠦᠷᠭᠡ ᠲᠣᠰᠢᠶᠠᠯ ᠤᠨ ᠬᠦᠷᠢᠶ᠎ᠡ ᠬᠡᠪᠴᠢᠶᠠᠨ ᠲᠣᠲᠣᠷ᠎ᠠ ᠬᠠᠮᠢᠶ᠎ᠠ ᠪᠦᠬᠦᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ | ᠬᠠᠷᠢᠭᠤᠴᠠᠨ᠎ᠠ᠃ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠤᠨ ᠠᠵᠢᠯ ᠢ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ︵ᠲᠣᠷᠣᠬᠰᠢ ︽ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ︾ ᠭᠡᠵᠦ ᠲᠣᠪᠴᠢᠯᠠᠪᠠ︶ ᠲᠣᠰ ᠵᠠᠰᠠᠬ ᠵᠠᠬᠢᠷᠭᠠᠨ ᠤ ᠣᠷᠣᠨ ᠤ | ᠬᠡᠪᠴᠢᠶᠠᠨ ᠳᠠᠬᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ ᠬᠠᠷᠢᠭᠤᠴᠠᠵᠦ᠂ ᠰᠢᠶᠠᠨ ᠤ ᠱᠠᠲᠣᠨ ᠠᠴᠠ ᠲᠡᠭᠡᠭᠰᠢ ᠣᠷᠣᠨ ᠨᠣᠲᠤᠬ ᠤᠨ ᠠᠷᠠᠳ ᠤᠨ | ᠵᠠᠰᠠᠬ ᠤᠨ ᠣᠷᠲᠣᠨ ᠤ ᠪᠣᠰᠣᠳ ᠬᠤᠯᠪᠣᠬᠲᠠᠯ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠢᠶᠠᠨ ᠡᠬᠦᠷᠭᠡ ᠲᠣᠰᠢᠶᠠᠯ ᠤᠨ ᠬᠡᠪᠴᠢᠶᠠᠨ ᠲᠣᠲᠣᠷ᠎ᠠ ᠬᠠᠮᠢᠶ᠎ᠠ ᠪᠦᠬᠦᠢ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ ᠬᠠᠷᠢᠭᠤᠴᠠᠨ᠎ᠠ᠃ | ᠵᠢᠷᠭᠤᠲᠣᠭᠠᠷ ᠵᠣᠷᠪᠣᠰ ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠠᠨᠳᠢᠪ ᠡᠷᠭᠦᠬᠦ᠂ ᠢᠪᠡᠭᠡᠨ ᠲᠡᠳᠭᠦᠭᠦ ᠶᠢ | ᠵᠣᠷᠢᠬᠵᠢᠭᠤᠯᠣᠨ᠎ᠠ᠃ ᠪᠠᠶᠢᠭᠠᠯᠢ ᠶᠢᠨ ᠬᠦᠮᠦᠨ᠂ ᠬᠠᠣᠯᠢ ᠶᠢᠨ ᠡᠷᠭᠡᠲᠡᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠦᠢᠯᠡᠰ ᠲᠤ ᠬᠠᠨᠳᠢᠪᠯᠠᠪᠠᠯ ᠬᠠᠣᠯᠢ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠨ᠎ᠡ᠃ | ᠲᠣᠯᠣᠲᠣᠭᠠᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠢ ᠬᠦᠭᠵᠢᠬᠦᠯᠬᠦ ᠳᠤ ᠲᠣᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠵᠣᠬᠢᠶᠠᠨ | ᠪᠠᠶᠢᠭᠤᠯᠣᠯᠲᠠ ᠪᠣᠯᠣᠨ ᠬᠤᠪᠢ ᠬᠦᠮᠦᠨ ᠢ ᠣᠯᠣᠰ ᠤᠨ ᠬᠠᠮᠢᠶ᠎ᠠ ᠪᠦᠬᠦᠢ ᠲᠣᠬᠲᠠᠭᠠᠯ ᠶᠣᠰᠣᠭᠠᠷ ᠬᠦᠬᠢᠬᠦᠯᠦᠨ ᠱᠠᠩᠨᠠᠨ᠎ᠠ᠃ |