ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠷᠢᠮ ︵ᠬᠤᠶᠠᠲᠣᠭᠠᠷ ᠪᠦᠯᠦᠭ︶
ᠨᠡᠶᠢᠲᠡᠯᠡᠭᠰᠡᠨ ᠴᠠᠭ᠄
2025/4/3
      ︵2009 ᠤᠨ ᠤ 8 ᠰᠠᠷ᠎ᠠ ᠶᠢᠨ 30 ᠤ ᠡᠳᠦᠷ ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠲᠦᠷᠦ ᠶᠢᠨ ᠶᠠᠪᠣᠲᠠᠯ ᠤᠨ ᠬᠤᠷᠢᠶ᠎ᠠ ᠶᠢᠨ 560 ᠳ᠋ᠤᠭᠠᠷ ᠲᠣᠭᠠᠲᠣ ᠵᠠᠷᠯᠢᠬ ᠢᠶᠠᠷ ᠨᠡᠶᠢᠲᠡᠯᠡᠪᠡ       2013 ᠤᠨ ᠤ 7 ᠰᠠᠷ᠎ᠠ ᠶᠢᠨ 18 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠢ ᠬᠦᠴᠦᠨ ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠠᠩᠬ᠎ᠠ ᠣᠲᠠᠭ᠎ᠠ ᠵᠠᠰᠠᠪᠤᠷᠢ ᠣᠷᠣᠭᠤᠯᠪᠠ       2016 ᠤᠨ ᠤ 2 ᠰᠠᠷ᠎ᠠ ᠶᠢᠨ 6 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠳᠤ ᠵᠠᠰᠠᠪᠤᠷᠢ ᠤᠷᠤᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠬᠤᠶᠠᠲᠣᠭᠠᠷ ᠣᠲᠠᠭ᠎ᠠ ᠵᠠᠰᠠᠪᠣᠷᠢ ᠣᠷᠣᠭᠤᠯᠪᠠ︶      ᠬᠤᠶᠠᠲᠣᠭᠠᠷ ᠪᠦᠯᠦᠭ  ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ       ᠨᠠᠢᠮᠠᠳᠤᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠲᠣᠬᠲᠠᠭᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠬᠠᠷᠠᠯᠲᠠ᠂ ᠡᠬᠦᠷᠭᠡ᠂ ᠠᠷᠭ᠎ᠠ ᠬᠡᠮᠵᠢᠶ᠎ᠠ᠂ ᠪᠠᠲᠣᠯᠠᠭ᠎ᠠ ᠵᠡᠷᠭᠡ ᠠᠭᠤᠯᠭ᠎ᠠ ᠶᠢ ᠲᠣᠲᠣᠷᠬᠠᠶᠢᠯᠠᠨ᠎ᠠ᠃       ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠲᠣᠬᠠᠢ ᠶᠢᠨ ᠭᠠᠵᠠᠷ ᠤᠨ ᠪᠣᠲᠠᠲᠣ ᠪᠠᠶᠢᠲᠠᠯ ᠢᠶᠠᠨ ᠦᠨᠳᠦᠰᠦᠯᠡᠵᠦ ᠲᠣᠰ ᠵᠠᠰᠠᠬ ᠵᠠᠬᠢᠷᠭᠠᠨ ᠤ ᠣᠷᠣᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠲᠣᠬᠲᠠᠭᠠᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠵᠢᠴᠢ ᠪᠤᠳᠠᠳᠠᠢ ᠬᠡᠷᠡᠭᠵᠢᠬᠦᠯᠬᠦ ᠲᠦᠯᠦᠪᠯᠡᠭᠡ ᠲᠣᠬᠲᠠᠭᠠᠬᠤ ᠳᠠᠭᠠᠨ ᠰᠣᠷᠣᠬᠴᠢᠳ᠂ ᠨᠠᠰᠣᠲᠠᠶᠢᠴᠣᠳ᠂ ᠵᠡᠮᠲᠡᠭᠴᠦᠳ ᠪᠣᠯᠣᠨ ᠬᠦᠲᠡᠭᠡ ᠲᠣᠰᠬᠤᠨ ᠤ ᠰᠠᠭᠤᠭᠠᠯᠢ ᠠᠷᠠᠳ ᠤᠨ ᠣᠨᠴᠠᠭᠠᠢ ᠬᠡᠷᠡᠭᠴᠡᠭᠡ ᠱᠠᠭᠠᠷᠲᠠᠯᠭ᠎ᠠ ᠶᠢ ᠬᠦᠢᠴᠡᠳ ᠪᠣᠲᠣᠯᠬᠢᠯᠠᠬᠤ ᠬᠡᠷᠡᠭᠲᠡᠢ᠃       ᠶᠢᠰᠦᠲᠦᠭᠡᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠲᠣᠬᠲᠠᠬᠰᠠᠨ ᠬᠤᠭᠤᠴᠠᠭᠠᠨ ᠳᠤ ᠠᠷᠠᠳ ᠢᠷᠭᠡᠳ ᠤᠨ ᠪᠡᠶ᠎ᠡ ᠮᠠᠬᠠᠪᠣᠳ ᠢ ᠬᠡᠮᠵᠢᠬᠦ ᠪᠠ ᠪᠦᠬᠦ ᠠᠷᠠᠳ ᠤᠨ ᠪᠡᠶ᠎ᠡ ᠴᠢᠬᠢᠷᠬᠵᠢᠭᠤᠯᠬᠤ ᠬᠦᠲᠡᠯᠭᠡᠭᠡᠨ ᠤ ᠪᠠᠶᠢᠲᠠᠯ ᠤᠨ ᠲᠣᠬᠠᠢ ᠪᠠᠶᠢᠴᠠᠭᠠᠯᠲᠠ ᠦᠷᠨᠢᠬᠦᠯᠦᠨ᠎ᠡ᠃       ᠠᠷᠠᠳ ᠢᠷᠭᠡᠳ ᠤᠨ ᠪᠠᠶ᠎ᠠ ᠮᠠᠬᠠᠪᠣᠳ ᠤᠨ ᠬᠡᠮᠵᠢᠯᠲᠡ ᠶᠢ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠰᠣᠳ ᠰᠠᠯᠠᠭ᠎ᠠ ᠮᠦᠴᠢᠷ ᠲᠠᠢ ᠬᠠᠮᠲᠣᠷᠠᠨ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ︔ ᠡᠬᠦᠨ ᠳᠤ ᠰᠣᠷᠣᠬᠴᠢᠳ ᠤᠨ ᠪᠡᠶ᠎ᠡ ᠮᠠᠬᠠᠪᠣᠳ ᠤᠨ ᠬᠡᠮᠵᠢᠯᠲᠡ ᠶᠢ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠰᠣᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃       ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠲᠡᠯᠭᠡᠭᠡᠨ ᠤ ᠪᠠᠶᠢᠲᠠᠯ ᠤᠨ ᠪᠠᠶᠢᠴᠠᠭᠠᠯᠲᠠ ᠶᠢ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃       ᠠᠷᠪᠠᠲᠣᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠮᠵᠢᠯᠲᠡ ᠶᠢᠨ ᠳ᠋ᠦᠩ ᠪᠣᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠪᠠᠶᠢᠲᠠᠯ ᠤᠨ ᠪᠠᠶᠢᠴᠠᠭᠠᠯᠲᠠ ᠶᠢᠨ ᠳ᠋ᠦᠩ ᠢ ᠦᠨᠳᠦᠰᠦᠯᠡᠵᠦ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠳᠤ ᠵᠠᠰᠠᠪᠣᠷᠢ ᠣᠷᠣᠭᠤᠯᠣᠨ᠎ᠠ᠃       ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠮᠵᠢᠯᠲᠡ ᠶᠢᠨ ᠳ᠋ᠦᠩ ᠪᠣᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠪᠠᠶᠢᠲᠠᠯ ᠤᠨ ᠲᠣᠬᠠᠢ ᠪᠠᠶᠢᠴᠠᠭᠠᠯᠲᠠ ᠶᠢᠨ ᠳ᠋ᠦᠩ ᠢ ᠦᠨᠳᠦᠰᠦᠯᠡᠵᠦ᠂ ᠬᠡᠷᠡᠭᠵᠢᠬᠦᠯᠬᠦ ᠲᠦᠯᠦᠪᠯᠡᠭᠡ ᠳᠡᠭᠡᠨ ᠵᠠᠰᠠᠪᠣᠷᠢ ᠣᠷᠣᠭᠤᠯᠣᠨ᠎ᠠ᠃      ᠠᠷᠪᠠᠨ ᠨᠢᠭᠡᠲᠦᠭᠡᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠰᠣᠳ ᠰᠠᠯᠠᠭ᠎ᠠ ᠮᠦᠴᠢᠷ ᠲᠠᠢ ᠬᠠᠮᠲᠣᠷᠠᠨ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠵᠣᠬᠢᠶᠠᠨ ᠪᠠᠶᠢᠭᠤᠯᠬᠤ ᠪᠣᠯᠣᠨ ᠵᠣᠬᠢᠴᠠᠭᠤᠯᠬᠤ ᠪᠠᠨ ᠴᠢᠩᠭᠠᠳᠬᠠᠵᠦ᠂ ᠲᠣᠰ ᠵᠠᠰᠠᠬ ᠵᠠᠬᠢᠷᠭᠠᠨ ᠤ ᠣᠷᠣᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠲᠠᠯ ᠢ ᠬᠠᠷᠢᠭᠤᠴᠠᠨ᠎ᠠ᠃      ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠣᠰ ᠱᠠᠲᠣᠨ ᠤ ᠠᠷᠠᠳ ᠤᠨ ᠵᠠᠰᠠᠬ ᠤᠨ ᠣᠷᠲᠣᠨ ᠤ ᠲᠣᠰᠢᠶᠠᠯ ᠤᠨ ᠬᠤᠭᠤᠴᠠᠭ᠎ᠠ ᠲᠠᠭᠤᠰᠬᠤ ᠪᠣᠯᠲᠠᠯ᠎ᠠ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠲᠠᠯ ᠳᠤ ᠦᠨᠡᠯᠡᠯᠲᠡ ᠬᠢᠬᠦ ᠶᠢᠨ ᠬᠠᠮᠲᠣ ᠦᠨᠡᠯᠡᠯᠲᠡ ᠶᠢᠨ ᠳ᠋ᠦᠩ ᠢᠶᠠᠨ ᠲᠣᠰ ᠱᠠᠲᠣᠨ ᠤ ᠠᠷᠠᠳ ᠤᠨ ᠵᠠᠰᠠᠬ ᠤᠨ ᠣᠷᠲᠣᠨ ᠳᠤ ᠮᠡᠲᠡᠬᠦᠯᠦᠨ᠎ᠡ᠃
ᠢᠷᠡᠯᠲᠡ᠄ ᠦᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ