ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠷᠢᠮ ︵ᠳᠦᠷᠪᠡᠳᠦᠭᠡᠷ ᠪᠦᠯᠦᠭ︶
ᠨᠡᠶᠢᠲᠡᠯᠡᠭᠰᠡᠨ ᠴᠠᠭ᠄
2025/4/3
      ︵2009 ᠤᠨ ᠤ 8 ᠰᠠᠷ᠎ᠠ ᠶᠢᠨ 30 ᠤ ᠡᠳᠦᠷ ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠲᠦᠷᠦ ᠶᠢᠨ ᠶᠠᠪᠣᠲᠠᠯ ᠤᠨ ᠬᠤᠷᠢᠶ᠎ᠠ ᠶᠢᠨ 560 ᠳ᠋ᠤᠭᠠᠷ ᠲᠣᠭᠠᠲᠣ ᠵᠠᠷᠯᠢᠬ ᠢᠶᠠᠷ ᠨᠡᠶᠢᠲᠡᠯᠡᠪᠡ       2013 ᠤᠨ ᠤ 7 ᠰᠠᠷ᠎ᠠ ᠶᠢᠨ 18 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠢ ᠬᠦᠴᠦᠨ ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠠᠩᠬ᠎ᠠ ᠣᠲᠠᠭ᠎ᠠ ᠵᠠᠰᠠᠪᠤᠷᠢ ᠣᠷᠣᠭᠤᠯᠪᠠ       2016 ᠤᠨ ᠤ 2 ᠰᠠᠷ᠎ᠠ ᠶᠢᠨ 6 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠳᠤ ᠵᠠᠰᠠᠪᠤᠷᠢ ᠤᠷᠤᠭᠤᠯᠬᠤ ᠲᠣᠬᠠᠢ ᠰᠢᠢᠳᠪᠦᠷᠢ︾ ᠶᠢ ᠦᠨᠳᠦᠰᠦᠯᠡᠵᠦ ᠬᠤᠶᠠᠲᠣᠭᠠᠷ ᠣᠲᠠᠭ᠎ᠠ ᠵᠠᠰᠠᠪᠣᠷᠢ ᠣᠷᠣᠭᠤᠯᠪᠠ︶      ᠲᠦᠷᠪᠡᠲᠦᠭᠡᠷ ᠪᠦᠯᠦᠭ  ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠᠲᠣᠯᠠᠭ᠎ᠠ       ᠬᠤᠷᠢᠨ ᠵᠢᠷᠭᠤᠲᠣᠭᠠᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠳᠤ ᠱᠠᠭᠠᠷᠲᠠᠬᠤ ᠵᠠᠷᠣᠲᠠᠯ ᠢ ᠲᠣᠰ ᠱᠠᠲᠣᠨ ᠤ ᠡᠳ᠋ ᠤᠨ ᠵᠠᠰᠠᠬ ᠤᠨ ᠲᠦᠰᠦᠪ ᠲᠤ ᠣᠷᠣᠭᠤᠯᠬᠤ ᠶᠢᠨ ᠬᠠᠮᠲᠣ ᠣᠯᠣᠰ ᠠᠷᠠᠳ ᠤᠨ ᠠᠵᠦ ᠠᠬᠤᠢ ᠶᠢᠨ ᠬᠦᠭᠵᠢᠯᠲᠡ ᠶᠢ ᠲᠠᠭᠠᠯᠲᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠡᠯᠡ ᠣᠷᠣᠭᠤᠯᠣᠯᠲᠠ ᠪᠠᠨ ᠢᠲᠡᠭ ᠢᠲᠡᠭ ᠢᠶᠠᠷ ᠨᠡᠮᠡᠭᠲᠡᠬᠦᠯᠬᠦ ᠬᠡᠷᠡᠭᠲᠡᠢ᠃       ᠣᠯᠣᠰ ᠤᠨ ᠬᠠᠮᠢᠶ᠎ᠠ ᠪᠦᠬᠦᠢ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠶᠢ ᠬᠤᠪᠢᠶᠠᠷᠢᠯᠠᠬᠤ ᠲᠦᠷᠦ ᠶᠢᠨ ᠪᠣᠲᠣᠯᠭ᠎ᠠ ᠶᠢ ᠦᠨᠳᠦᠰᠦᠯᠡᠵᠦ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠪᠢᠶᠠᠷᠢᠯᠠᠵᠦ ᠬᠡᠷᠡᠭᠯᠡᠭᠰᠡᠨ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠶᠢ ᠣᠯᠣᠰ ᠤᠨ ᠬᠠᠮᠢᠶ᠎ᠠ ᠪᠦᠬᠦᠢ ᠲᠣᠬᠲᠠᠭᠠᠯ ᠶᠣᠰᠣᠭᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠡᠷᠡᠭᠯᠡᠬᠦ ᠬᠡᠷᠡᠭᠲᠡᠢ᠃       ᠬᠤᠷᠢᠨ ᠲᠣᠯᠣᠲᠣᠭᠠᠷ ᠵᠣᠷᠪᠣᠰ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ᠂ ᠬᠡᠷᠡᠭᠯᠡᠯᠲᠡ᠂ ᠬᠠᠮᠢᠶᠠᠷᠣᠯᠲᠠ᠂ ᠬᠠᠮᠠᠭᠠᠯᠠᠯᠲᠠ ᠪᠣᠯᠣᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠬᠠᠮᠢᠶᠠᠷᠬᠤ ᠨᠢᠭᠡᠴᠡ ᠶᠢᠨ ᠬᠠᠩᠭᠠᠬᠰᠠᠨ ᠦᠢᠯᠡᠴᠢᠯᠡᠭᠡ ᠨᠢ ︽ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠷᠢᠮ︾ ᠤᠨ ᠲᠣᠬᠲᠠᠭᠠᠯ ᠢ ᠵᠢᠷᠣᠮᠯᠠᠬᠤ ᠬᠡᠷᠡᠭᠲᠡᠢ᠃       ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ ᠨᠢ ᠲᠣᠬᠠᠢ ᠶᠢᠨ ᠭᠠᠵᠠᠷ ᠣᠷᠣᠨ ᠤ ᠠᠵᠦ ᠠᠬᠤᠢ ᠶᠢᠨ ᠬᠦᠭᠵᠢᠯᠲᠡ ᠶᠢᠨ ᠲᠦᠪᠰᠢᠨ ᠲᠠᠢ ᠲᠣᠬᠢᠷᠠᠯᠴᠠᠵᠦ᠂ ᠣᠯᠠᠨ ᠲᠦᠮᠡᠨ ᠤ ᠣᠶᠢᠷ᠎ᠠ ᠵᠡᠷᠭᠡᠯᠡᠲᠡᠭᠡ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠤ ᠳᠤ ᠲᠦᠬᠦᠮ ᠪᠠᠶᠢᠬᠤ ᠬᠡᠷᠡᠭᠲᠡᠢ︔ ᠬᠦᠲᠡᠭᠡ ᠲᠣᠰᠬᠤᠨ ᠤ ᠣᠯᠠᠨ ᠨᠡᠶᠢᠢᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ ᠨᠢ ᠬᠦᠲᠡᠭᠡ ᠲᠣᠰᠬᠤᠨ ᠤ ᠦᠢᠯᠡᠳᠪᠦᠷᠢᠯᠡᠯ ᠬᠦᠲᠡᠯᠮᠦᠷᠢ ᠪᠣᠯᠣᠨ ᠰᠣᠶᠣᠯ ᠤᠨ ᠠᠮᠢᠲᠣᠷᠠᠯ ᠤᠨ ᠲᠠᠳᠬᠠᠯ ᠢ ᠪᠣᠲᠣᠯᠬᠢᠯᠠᠬᠤ ᠬᠡᠷᠡᠭᠲᠡᠢ᠃       ᠬᠤᠷᠢᠨ ᠨᠠᠢᠮᠠᠳᠤᠭᠠᠷ ᠵᠣᠷᠪᠣᠰ ᠰᠣᠷᠭᠠᠭᠤᠯᠢ ᠨᠤᠭᠤᠳ ᠬᠢᠴᠢᠶᠡᠯ ᠤᠨ ᠵᠠᠪᠰᠠᠷᠯᠠᠭ᠎ᠠ ᠶᠢᠨ ᠴᠠᠬ ᠪᠣᠯᠣᠨ ᠪᠠᠶᠠᠷ ᠲᠣᠷᠠᠰᠬᠠᠯ ᠤᠨ ᠡᠳᠦᠷ ᠰᠣᠷᠣᠬᠴᠢᠳ ᠲᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠨ᠎ᠡ᠃ ᠠᠯᠪᠠᠨ ᠠᠴᠠ ᠡᠷᠬᠢᠯᠡᠭᠰᠡᠨ ᠰᠣᠷᠭᠠᠭᠤᠯᠢ ᠢᠲᠡᠪᠬᠢᠲᠡᠢ ᠪᠠᠷ ᠨᠦᠬᠦᠴᠡᠯ ᠡᠬᠦᠳᠴᠦ ᠣᠯᠠᠨ ᠨᠡᠶᠢᠲᠡ ᠳᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠨ᠎ᠡ︔ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠣᠯᠠᠨ ᠨᠡᠶᠢᠲᠡ ᠳᠤ ᠴᠢᠯᠦᠭᠡᠲᠡᠢ ᠨᠡᠭᠡᠭᠡᠬᠦ ᠶᠢ ᠣᠯᠣᠰ ᠠᠴᠠ ᠲᠡᠮᠵᠢᠨ᠎ᠡ᠃      ᠰᠢᠶᠠᠨ ᠤ ᠱᠠᠲᠣᠨ ᠤ ᠠᠷᠠᠳ ᠤ ᠵᠠᠰᠠᠬ ᠤᠨ ᠣᠷᠲᠣᠨ ᠣᠯᠠᠨ ᠨᠡᠶᠢᠲᠡ ᠳᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠭᠰᠡᠨ ᠰᠣᠷᠭᠠᠭᠤᠯᠢ ᠶᠢ ᠲᠡᠮᠵᠢᠵᠦ᠂ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠣᠯᠠᠨ ᠨᠡᠶᠢᠲᠡ ᠳᠤ ᠴᠢᠯᠦᠭᠡᠲᠡᠢ ᠨᠡᠭᠡᠭᠡᠭᠰᠡᠨ ᠰᠣᠷᠭᠠᠭᠤᠯᠢ ᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠲᠠᠭᠠᠳᠬᠠᠯ ᠣᠷᠣᠭᠤᠯᠵᠦ ᠦᠭᠬᠦᠨ᠎ᠠ᠃      ᠰᠣᠷᠭᠠᠭᠤᠯᠢ ᠨᠤᠭᠤᠳ ᠲᠦᠬᠦᠭᠡᠷᠦᠮᠵᠢ ᠶᠢᠨ ᠡᠵᠡᠩᠨᠡᠯᠲᠡ ᠪᠠᠨ ᠠᠷᠭᠠᠴᠠᠬᠤ ᠬᠡᠷᠡᠭᠴᠡᠭᠡ ᠪᠠᠨ ᠦᠨᠳᠦᠰᠦᠯᠡᠵᠦ ᠪᠡᠶ᠎ᠡ ᠶᠢᠨ ᠲᠠᠮᠢᠷ ᠤᠨ ᠲᠦᠬᠦᠭᠡᠷᠦᠮᠵᠢ ᠬᠡᠷᠡᠭᠯᠡᠵᠦ ᠪᠠᠶᠢᠬᠤ ᠣᠯᠠᠨ ᠨᠡᠶᠢᠲᠡ ᠠᠴᠠ ᠠᠪᠬᠤ ᠶᠣᠰᠣᠲᠠᠢ ᠰᠦᠢᠳᠭᠡᠯ ᠬᠤᠷᠢᠶᠠᠵᠦ ᠪᠣᠯᠣᠨ᠎ᠠ᠃      ᠬᠤᠷᠢ ᠶᠢᠰᠦᠲᠦᠭᠡᠷ ᠵᠣᠷᠪᠣᠰ ᠴᠡᠴᠡᠷᠯᠢᠭ᠂ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠣᠷ ᠤᠨ ᠬᠠᠮᠢᠶᠠᠷᠣᠯᠲᠠ ᠶᠢᠨ ᠨᠢᠭᠡᠴᠡ ᠦᠪᠡᠷ ᠤᠨ ᠨᠦᠬᠦᠴᠡᠯ ᠪᠠᠶᠢᠲᠠᠯ ᠢᠶᠠᠨ ᠦᠨᠳᠦᠰᠦᠯᠡᠵᠦ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠲᠠᠯᠠᠪᠣᠷ ᠲᠣᠬᠢᠷᠠᠭᠤᠯᠵᠦ ᠪᠣᠯᠣᠨ᠎ᠠ᠃ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠲᠠᠲᠣ ᠪᠠᠶᠢᠢᠲᠠᠯ ᠢᠶᠠᠨ ᠦᠨᠳᠦᠰᠦᠯᠡᠵᠦ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠴᠢᠬᠢᠷᠠᠬᠵᠢᠭᠤᠯᠬᠤ ᠪᠠᠭᠠᠵᠢ ᠲᠣᠨᠣᠬᠯᠠᠯ ᠬᠠᠩᠭᠠᠨ᠎ᠠ᠃       ᠰᠠᠭᠤᠭᠠᠯᠢ ᠠᠷᠠᠳ ᠤᠨ ᠲᠣᠭᠤᠷᠢᠬ ᠤᠨ ᠵᠢᠷᠤᠬ ᠲᠦᠯᠦᠪᠯᠡᠭᠡ ᠳᠤ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠲᠠᠯᠠᠪᠣᠷ ᠲᠣᠬᠢᠷᠠᠭᠤᠯᠬᠤ ᠬᠡᠷᠡᠭᠲᠡᠢ᠃      ᠭᠤᠴᠢᠲᠣᠭᠠᠷ ᠵᠣᠷᠪᠣᠰ ᠴᠡᠴᠡᠷᠯᠢᠭ᠂ ᠵᠦᠯᠭᠡ ᠭᠠᠵᠠᠷ᠂ ᠠᠭᠤᠲᠠᠮ ᠲᠠᠯᠠᠪᠠᠢ ᠵᠡᠷᠭᠡ ᠤᠯᠠᠨ ᠨᠡᠶᠢᠲᠡ ᠶᠢᠨ ᠲᠠᠯᠠᠪᠣᠷ ᠪᠣᠯᠣᠨ ᠰᠠᠭᠤᠭᠠᠯᠢ ᠠᠷᠠᠳ ᠤᠨ ᠲᠣᠭᠤᠷᠢᠬ ᠤᠨ ᠬᠠᠮᠢᠶᠠᠷᠣᠯᠲᠠ ᠶᠢᠨ ᠨᠢᠭᠡᠴᠡ ᠲᠣᠰ ᠣᠯᠠᠨ ᠨᠡᠶᠢᠲᠡ ᠶᠢᠨ ᠲᠠᠯᠠᠪᠣᠷ ᠪᠣᠯᠣᠨ ᠰᠠᠭᠤᠭᠠᠯᠢ ᠠᠷᠠᠳ ᠤᠨ ᠲᠣᠭᠤᠷᠢᠬ ᠲᠤ ᠲᠣᠬᠢᠷᠠᠭᠤᠯᠣᠬᠰᠠᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠᠭᠠᠵᠢ ᠲᠣᠨᠣᠬᠯᠠᠯ ᠤᠨ ᠬᠠᠮᠢᠶᠠᠷᠣᠯᠲᠠ ᠪᠣᠯᠣᠨ ᠬᠠᠮᠠᠭᠠᠯᠠᠵᠦ ᠰᠡᠯᠪᠢᠬᠦ ᠬᠠᠷᠢᠭᠤᠴᠠᠯᠭᠠᠲᠠᠨ ᠢ ᠲᠣᠲᠣᠷᠬᠠᠶᠢᠢᠯᠠᠨ᠎ᠠ᠃       ᠭᠤᠴᠢᠨ ᠨᠢᠭᠡᠲᠦᠭᠡᠷ ᠵᠣᠷᠪᠣᠰ ᠣᠯᠣᠰ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠰᠢᠨᠵᠢᠯᠡᠬᠦ ᠣᠬᠠᠭᠠᠨᠴᠢ ᠵᠢᠯᠣᠭᠤᠲᠣᠯᠭ᠎ᠠ ᠬᠢᠨ᠎ᠡ᠃       ᠣᠯᠣᠰ ᠠᠴᠠ ᠬᠠᠷᠠᠮᠵᠢ ᠮᠦᠩᠬᠦ ᠬᠤᠷᠢᠶᠠᠬᠤ ᠪᠠᠷ ᠵᠣᠷᠢᠯᠭ᠎ᠠ ᠪᠣᠯᠭᠠᠬᠰᠠᠨ ᠦᠭᠡᠢ ᠣᠯᠠᠨ ᠨᠡᠶᠢᠲᠡ ᠳᠤ ᠪᠡᠶ᠎ᠡ ᠴᠢᠬᠢᠷᠠᠬᠵᠢᠭᠤᠯᠬᠤ ᠮᠡᠳᠡᠯᠭᠡ ᠮᠡᠷᠭᠡᠵᠢᠯ ᠣᠯᠠᠮᠵᠢᠯᠠᠬᠤ᠂ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ ᠪᠠᠶᠢᠭᠤᠯᠬᠤ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠮᠡᠲᠡᠯᠭᠡ ᠣᠬᠠᠭᠤᠯᠬᠤ ᠵᠡᠷᠭᠡ ᠦᠢᠯᠡᠴᠢᠯᠡᠭᠡ ᠬᠠᠩᠭᠠᠬᠤ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠲᠠᠳ ᠲᠤ ᠮᠡᠷᠭᠡᠵᠢᠯ ᠤᠨ ᠲᠡᠰ ᠤᠨ ᠲᠦᠷᠢᠮ ᠬᠡᠷᠡᠭᠵᠢᠬᠦᠯᠦᠨ᠎ᠡ᠃ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠰᠦᠢᠳᠭᠡᠯ ᠬᠤᠷᠢᠶᠠᠬᠤ ᠦᠭᠡᠢ ᠪᠠᠷ ᠲᠡᠲᠡᠨᠦᠰ ᠲᠤ ᠬᠠᠮᠢᠶ᠎ᠠ ᠪᠦᠬᠦᠢ ᠮᠡᠲᠡᠯᠭᠡ ᠪᠠ ᠮᠡᠷᠭᠡᠵᠢᠯ ᠤᠨ ᠪᠣᠯᠪᠠᠰᠣᠷᠠᠯ ᠬᠦᠷᠲᠡᠭᠡᠬᠦ ᠶᠢᠨ ᠬᠠᠮᠲᠣ ᠲᠠᠩᠰᠠ ᠡᠪᠭᠡᠮᠡᠯ ᠪᠠᠶᠢᠭᠤᠯᠣᠨ᠎ᠠ᠃       ᠣᠯᠣᠰ ᠠᠴᠠ ᠪᠡᠶ᠎ᠡ ᠴᠢᠬᠢᠷᠠᠬᠵᠢᠭᠤᠯᠬᠤ ᠶᠢ ᠵᠢᠯᠣᠭᠤᠳᠬᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠳᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠨ ᠪᠢᠴᠢᠭ ᠤᠨ ᠲᠦᠷᠢᠮ ᠬᠡᠷᠡᠭᠵᠢᠬᠦᠯᠦᠨ᠎ᠡ᠃ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠢ ᠪᠡᠶ᠎ᠡ ᠴᠢᠬᠢᠷᠠᠬᠵᠢᠭᠤᠯᠬᠤ ᠵᠢᠯᠣᠭᠤᠲᠣᠯᠭ᠎ᠠ ᠬᠢᠬᠦ ᠪᠠᠷ ᠲᠣᠬᠠᠶᠢᠢᠯᠠᠬᠰᠠᠨ ᠠᠵᠢᠯ ᠪᠣᠯᠭᠠᠬᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠬᠦᠮᠦᠰ ᠣᠯᠣᠰ ᠤᠨ ᠬᠠᠮᠢᠶ᠎ᠠ ᠪᠦᠬᠦᠢ ᠲᠣᠬᠲᠠᠭᠠᠯ ᠶᠣᠰᠣᠭᠠᠷ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠨ ᠪᠢᠴᠢᠭ ᠣᠯᠬᠤ ᠬᠡᠷᠡᠭᠲᠡᠢ᠃       ᠭᠤᠴᠢᠨ ᠬᠤᠶᠠᠲᠣᠭᠠᠷ ᠵᠣᠷᠪᠣᠰ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠲᠠᠯᠲᠣᠭᠠᠨ ᠤ ᠡᠷᠦᠭᠡ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠡᠵᠡᠩᠨᠡᠪᠡᠯ᠂ ᠲᠣᠣᠷᠠᠬᠢ ᠮᠡᠲᠦ ᠨᠦᠬᠦᠴᠡᠯ ᠳᠤ ᠨᠡᠶᠢᠴᠡᠬᠦ ᠬᠡᠷᠡᠭᠲᠡᠢ ᠮᠦᠷᠲᠡᠭᠡᠨ ᠪᠠᠰᠠ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠣᠴᠢᠯᠠᠯ ᠲᠡᠪᠰᠢᠬᠦᠯᠬᠦ ᠬᠡᠷᠡᠭᠲᠡᠢ       ︵1︶ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠲᠦᠬᠦᠭᠡᠷᠦᠮᠵᠢ ᠨᠢ ᠣᠯᠣᠰ ᠤᠨ ᠪᠠᠷᠢᠮᠵᠢᠶ᠎ᠠ ᠳᠤ ᠨᠡᠶᠢᠴᠡᠬᠦ︔       ︵2︶ ᠲᠣᠬᠲᠠᠭᠠᠯ ᠤᠨ ᠪᠠᠷᠢᠮᠵᠢᠶ᠎ᠠ ᠳᠤ ᠬᠦᠷᠦᠭᠰᠡᠨ ᠣᠯᠣᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠨ ᠪᠢᠴᠢᠭ ᠭᠠᠷᠲᠠᠬᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠪᠠ ᠠᠪᠣᠷᠠᠨ ᠲᠣᠰᠠᠯᠠᠬᠤ ᠬᠦᠮᠦᠰ ᠪᠠᠶᠢᠬᠤ︔      ︵3︶ ᠬᠠᠷᠠᠭᠠᠯᠵᠠᠬᠰᠠᠨ ᠠᠮᠣᠷ ᠲᠦᠪᠰᠢᠨ ᠤ ᠪᠠᠲᠣᠯᠠᠭ᠎ᠠ ᠶᠢᠨ ᠲᠦᠷᠢᠮ ᠪᠣᠯᠣᠨ ᠠᠷᠭ᠎ᠠ ᠬᠡᠮᠵᠢᠶ᠎ᠠ ᠪᠠᠶᠢᠬᠤ︔       ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠭᠤᠶᠣᠴᠢᠯᠠᠯ ᠢ ᠬᠦᠯᠢᠶᠠᠨ ᠠᠪᠣᠬᠰᠠᠨ 30 ᠡᠳᠦᠷ ᠤᠨ ᠬᠤᠭᠤᠴᠠᠭᠠᠨ ᠲᠣᠲᠣᠷ᠎ᠠ ᠲᠣᠬᠠᠢ ᠶᠢᠨ ᠭᠠᠵᠠᠷ ᠤᠨ ᠪᠠᠶᠢᠴᠠᠭᠠᠯᠲᠠ ᠬᠢᠵᠦ ᠵᠦᠪᠰᠢᠶᠡᠷᠡᠬᠦ ᠪᠣᠶᠣ ᠦᠯᠦ ᠵᠦᠪᠰᠢᠶᠡᠷᠡᠬᠦ ᠰᠢᠢᠳᠪᠦᠷᠢ ᠭᠠᠷᠭᠠᠨ᠎ᠠ᠃ ᠬᠡᠷᠪᠡ ᠵᠦᠪᠰᠢᠶᠡᠷᠡᠪᠡᠯ ᠡᠵᠡᠩᠨᠡᠯᠲᠡ ᠶᠢᠨ ᠦᠨᠡᠮᠯᠡᠯ ᠣᠯᠭᠤᠨ᠎ᠠ︔ ᠦᠯᠦ ᠵᠦᠪᠰᠢᠶᠡᠷᠡᠪᠡᠯ ᠪᠢᠴᠢᠭ ᠤᠨ ᠬᠡᠯᠪᠡᠷᠢ ᠪᠠᠷ ᠭᠤᠶᠣᠴᠢᠯᠠᠬᠴᠢ ᠳᠤ ᠮᠡᠲᠡᠭᠲᠡᠬᠦ ᠶᠢᠨ ᠬᠠᠮᠲᠣ ᠰᠢᠯᠲᠠᠭᠠᠨ ᠢᠶᠠᠨ ᠲᠣᠲᠣᠷᠬᠠᠶᠢᠯᠠᠨ᠎ᠠ᠃       ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠤᠨ ᠭᠠᠷᠴᠠᠬ ᠲᠣᠬᠲᠠᠭᠠᠨ ᠲᠣᠬᠢᠷᠠᠭᠤᠯᠵᠦ᠂ ᠲᠦᠷᠦ ᠶᠢᠨ ᠶᠠᠪᠣᠲᠠᠯ ᠤᠨ ᠬᠤᠷᠢᠶ᠎ᠠ ᠪᠠᠷ ᠵᠦᠪᠰᠢᠶᠡᠷᠡᠬᠦᠯᠦᠭᠰᠡᠨ ᠤ ᠲᠠᠷᠠᠭ᠎ᠠ ᠨᠡᠶᠢᠲᠡᠯᠡᠨ᠎ᠡ᠃       ᠭᠤᠴᠢᠨ ᠭᠤᠷᠪᠠᠲᠣᠭᠠᠷ ᠵᠣᠷᠪᠣᠰ ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠵᠣᠬᠢᠶᠠᠨ ᠪᠠᠶᠢᠭᠤᠯᠣᠬᠴᠢ ᠪᠠ ᠪᠡᠶ᠎ᠡ ᠴᠢᠬᠢᠷᠠᠬᠵᠢᠭᠤᠯᠬᠤ ᠲᠠᠯᠠᠪᠣᠷ ᠤᠨ ᠬᠠᠮᠢᠶᠠᠷᠣᠬᠴᠢᠳ ᠢ ᠬᠠᠣᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠲᠠᠭᠠᠳᠬᠠᠯ ᠳᠤ ᠣᠷᠣᠯᠴᠠᠬᠤ ᠶᠢ ᠵᠣᠷᠢᠬᠵᠢᠭᠤᠯᠣᠨ᠎ᠠ       ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠰᠠᠨ ᠠᠷᠠᠳ ᠢᠷᠭᠡᠳ ᠤᠨ ᠬᠠᠣᠯᠢ ᠶᠣᠰᠣᠭᠠᠷ ᠬᠡᠨᠡᠳᠲᠡ ᠶᠢᠨ ᠬᠡᠮᠲᠦᠯ ᠰᠢᠷᠬᠠᠲᠣᠯ ᠤᠨ ᠲᠠᠭᠠᠳᠬᠠᠯ ᠳᠤ ᠣᠷᠣᠯᠴᠠᠬᠤ ᠶᠢ ᠵᠣᠷᠢᠬᠵᠢᠭᠤᠯᠣᠨ᠎ᠠ᠃       ᠭᠤᠴᠢᠨ ᠲᠦᠷᠪᠡᠲᠦᠭᠡᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠡᠵᠡᠩᠨᠡᠬᠦ ᠬᠦᠲᠡᠯᠭᠡᠭᠡᠨ ᠳᠤ ᠬᠠᠣᠯᠢ ᠶᠣᠰᠣᠭᠠᠷ ᠬᠢᠨᠠᠯᠲᠠ ᠲᠠᠯᠪᠢᠵᠦ ᠪᠠᠶᠢᠴᠠᠭᠠᠬᠤ ᠡᠬᠦᠷᠭᠡ ᠪᠠᠨ ᠬᠦᠢᠴᠡᠳᠭᠡᠨ᠎ᠡ᠃
ᠢᠷᠡᠯᠲᠡ᠄ ᠦᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ